ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ︽ᠪᠠᠭ᠎ᠠ ᠠᠰᠠᠭᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ︽ᠶᠡᠭᠡ ᠶᠠᠪᠤᠳᠠᠯ︾ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2025/1/14
      ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠢᠮᠠᠭᠲᠠ ᠣᠯᠠᠨ ᠲᠦᠮᠡᠨ ᠲᠠᠢ ᠨᠢᠭᠲᠠ ᠬᠠᠷᠢᠯᠴᠠᠬᠤ᠂ ᠠᠷᠠᠳ ᠤᠨ ᠠᠮᠢᠳᠤᠷᠠᠯ ᠤᠨ ᠡᠷᠬᠡ ᠠᠰᠢᠭ ᠢ ᠪᠠᠲᠤᠯᠠᠬᠤ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠷᠢᠶᠡᠨ ᠳᠠᠬᠢ ᠵᠢᠵᠢᠭ ᠰᠠᠵᠢᠭ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭ᠎ᠠ ᠠᠴᠠ ᠶᠡᠭᠡ ᠪᠠᠶᠢᠳᠠᠯ ᠢ ᠦᠵᠡᠵᠦ᠂ ᠠᠷᠠᠳ ᠤᠨ ᠠᠮᠢᠳᠤᠷᠠᠯ ᠤᠨ ᠬᠥᠭᠵᠢᠯᠲᠡ ᠶᠢᠨ ᠭᠤᠶᠢᠳᠠ ᠰᠠᠶᠢᠬᠠᠨ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠪᠡ᠃      ᠨᠢᠭᠡ ᠳᠤ᠂ ︽ᠪᠠᠭ᠎ᠠ ᠠᠰᠠᠭᠤᠳᠠᠯ︾ ᠢ ᠣᠨᠣᠪᠴᠢᠲᠠᠶ ᠡᠷᠢᠨ ᠣᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠯᠠᠮᠰᠢᠯ ᠪᠠ ᠬᠦᠴᠢᠷ ᠠᠰᠠᠭᠤᠳᠠᠯ ᠢ ᠣᠨᠣᠪᠴᠢᠲᠠᠶ ᠪᠠᠶᠢᠷᠢ ᠲᠣᠭᠲᠠᠭᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠬᠥᠳᠡᠯᠮᠦᠷᠢᠴᠢᠳ᠂ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠵᠤ᠂ ᠲᠡᠳᠡᠨᠤᠰ ᠤᠨ ᠡᠷᠬᠡ ᠪᠠᠨ ᠬᠠᠮᠠᠭᠠᠯᠠᠬᠤ ᠦᠢᠯᠡᠴᠢᠯᠡᠭᠡ᠂ ᠬᠥᠳᠡᠯᠮᠦᠷᠢ ᠶᠢᠨ ᠬᠠᠷᠢᠴᠠᠭ᠎ᠠ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠢ ᠰᠡᠳᠬᠢᠯ ᠤᠨ ᠦᠭᠡ ᠶᠢ ᠰᠣᠨᠣᠰᠪᠠ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ᠂ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠭᠤᠶᠤᠴᠢᠯᠠᠨ ᠠᠪᠬᠤ ᠶᠠᠪᠤᠴᠠ ᠶᠠᠷᠰᠢᠭ ᠲᠦᠪᠡᠭᠲᠡᠶ᠂ ᠬᠡᠰᠡᠭ ᠠᠵᠤ ᠠᠬᠤᠶᠢᠯᠠᠯ ᠤᠨ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠬᠤ ᠵᠡᠷᠭᠡ ᠠᠩᠬᠠᠳᠠᠭᠴᠢ ᠵᠠᠬᠢᠳᠠᠯ ᠰᠤᠷᠪᠤᠯᠵᠢᠯᠠᠭ᠎ᠠ ᠶᠢᠨ ᠮᠠᠲ᠋ᠧᠷᠢᠶᠠᠯ ᠢ ᠴᠤᠭᠯᠠᠭᠤᠯᠵᠤ᠂ ᠬᠤᠶᠢᠰᠢᠳᠠ ᠶᠢᠨ ᠨᠠᠷᠢᠯᠢᠭ ᠤᠨᠤᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃      ᠬᠤᠶᠠᠷ ᠲᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠮᠳᠠᠭᠤᠯᠤᠨ᠎ᠠ᠃ ᠰᠦᠯᠵᠢᠶᠡᠨ ᠭᠠᠳᠠᠨ᠎ᠠ ᠲᠤᠰᠬᠠᠶ ᠴᠣᠩᠬᠤ ᠭᠠᠷᠭᠠᠵᠤ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠳᠣᠭᠢᠷᠠᠭᠤᠯᠤᠨ ︽ᠨᠢᠭᠡ ᠳᠤ ᠨᠢᠭᠡ︾ ᠶᠢᠨ ᠵᠢᠯᠣᠭᠤᠳᠣᠯᠭ᠎ᠠ ᠶᠢ ᠳᠣᠭᠢᠷᠠᠭᠤᠯᠵᠤ᠂ ᠣᠯᠠᠨ ᠲᠦᠮᠡᠨ ᠤ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ ᠶᠢ ᠦᠨᠡᠨ ᠬᠦ ᠪᠠᠲᠤᠯᠠᠵᠤ᠂ ᠭᠦᠢᠴᠡᠳᠭᠡᠬᠦ ᠦᠶᠡᠯᠡᠯ ᠤᠨ ᠬᠤᠭᠤᠴᠠᠭ᠎ᠠ ᠶᠢ ᠶᠡᠭᠡ ᠪᠠᠷ ᠪᠣᠭᠤᠨᠢᠰᠬᠠᠵᠤ᠂ ᠴᠤᠪᠤᠷᠠᠯ ᠨᠢ ᠲᠣᠳᠣᠷᠬᠠᠶ ᠥᠬᠡᠶ ᠠᠴᠠ ᠪᠣᠯᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠪᠠᠭᠠᠰᠬᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ︽ᠲᠦᠷᠭᠡᠨ ᠳᠠᠮᠵᠢᠭᠤᠯᠤᠭᠴᠢ︾ ᠶᠢᠨ ᠤᠬᠠᠭᠤᠯᠭ᠎ᠠ ᠶᠢᠨ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ ᠲᠤ ᠭᠦᠨᠵᠡᠭᠡᠶᠢᠷᠡᠨ ᠬᠥᠳᠡᠯᠮᠦᠷᠢᠴᠢᠳ ᠲᠤ ᠬᠠᠨᠳᠤᠭᠤᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ 80 ᠭᠠᠷᠤᠶ ᠤᠳᠠᠭ᠎ᠠ ᠤᠬᠠᠭᠤᠯᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠢ 5000 ᠭᠠᠷᠤᠶ ᠬᠤᠪᠢ ᠲᠠᠷᠬᠠᠭᠠᠵᠤ᠂ ᠪᠦᠷᠬᠦᠴᠡ ᠨᠢ ᠲᠦᠮᠡ ᠭᠠᠷᠤᠢ ᠬᠥᠮᠦᠨ ᠢ ᠬᠠᠮᠤᠷᠴᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠰᠢᠰᠲ᠋ᠧᠮ ᠲᠠᠢ ᠲᠠᠶᠢᠯᠪᠤᠷᠢᠯᠠᠵᠤ᠂ ᠴᠢᠬᠤᠯᠠ ᠪᠤᠰᠤ ᠵᠥᠷᠢᠴᠡᠯ ᠪᠠ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠪᠠ ᠵᠠᠶᠢᠯᠠᠰᠬᠢᠵᠦ᠂ ᠵᠠᠬᠢᠳᠠᠯ ᠰᠤᠷᠪᠤᠯᠵᠢᠯᠠᠯ ᠤᠨ ᠨᠣᠷᠮ᠎ᠠ ᠶᠢ ᠪᠦᠲᠦᠮᠵᠢᠲᠡᠶ ᠪᠠᠭᠤᠷᠠᠭᠤᠯᠪᠠ᠃      ᠭᠤᠷᠪᠠ ᠳᠤ᠂ ︽ᠶᠡᠭᠡ ᠶᠠᠪᠤᠳᠠᠯ︾ ᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠪᠠᠷ ᠠᠷᠠᠳ ᠤᠨ ᠠᠮᠢᠳᠤᠷᠠᠯ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ 2024 ᠣᠨ ᠳᠤ  ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠡᠶᠢᠲᠡ 137 ᠬᠤᠪᠢ ᠭᠥᠯᠢᠶᠡᠨ ᠠᠪᠴᠤ ᠰᠢᠢᠳᠪᠦᠷᠢᠯᠡᠨ᠂ 125 ᠬᠤᠪᠢ ᠶᠢ ᠨᠢ ᠨᠢᠭᠡᠨᠲᠡ ᠰᠢᠢᠳᠪᠦᠷᠢᠯᠡᠨ ᠳᠠᠭᠤᠰᠬᠠᠵᠤ᠂ ᠪᠤᠰᠤᠳ 12 ᠬᠤᠪᠢ ᠶᠢ ᠨᠢ ᠴᠥᠮ ᠬᠡᠪ ᠤᠨ ᠶᠣᠰᠣᠭᠠᠷ ᠰᠢᠢᠳᠪᠦᠷᠢᠯᠡᠬᠦ ᠳᠤᠮᠳᠠ ᠪᠠᠶᠢᠨ᠎ᠠ᠃ ᠡᠭᠦᠨ ᠤ ᠬᠠᠮᠲᠤ᠂ 12345 ᠲᠠᠪᠴᠠᠩ ᠳᠡᠭᠡᠷ᠎ᠡ 5954 ᠵᠤᠷᠪᠤᠰ ᠣᠯᠠᠨ ᠲᠦᠮᠡᠨ ᠤ ᠠᠰᠠᠭᠤᠯᠲᠠ ᠶᠢ ᠭᠥᠯᠢᠶᠡᠨ ᠠᠪᠴᠤ᠂ ᠪᠦᠬᠦᠨ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠭᠰᠡᠨ ᠪᠥᠭᠡᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠰᠠᠶᠢᠲᠤᠷ ᠬᠢᠵᠦ᠂ ᠵᠠᠷᠢᠮ ᠵᠠᠬᠢᠳᠠᠯ ᠰᠣᠷᠪᠤᠯᠵᠢᠯᠠᠭ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠭᠠᠷᠬᠤ ᠠᠴᠠ ᠵᠠᠶᠢᠯᠠᠰᠬᠢᠪᠡ᠃ ᠠᠯᠢ ᠣᠯᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠠᠷᠭ᠎ᠠ ᠬᠡᠮᠵᠢᠶ᠎ᠡ ᠢᠯᠡᠳᠲᠡ ᠦᠷ᠎ᠡ ᠪᠦᠲᠦᠮᠵᠢ ᠣᠯᠵᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 91% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠦᠷᠭᠦᠯᠵᠢᠯᠡᠨ ᠳᠡᠭᠡᠭᠰᠢᠯᠡᠪᠡ᠃      ᠢᠷᠡᠭᠡᠳᠦᠢ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ︽ᠪᠠᠭ᠎ᠠ ᠠᠰᠠᠭᠤᠳᠠᠯ︾ ᠢ ᠭᠦᠨ ᠠᠭᠤᠳᠠᠯᠵᠤ᠂ ᠠᠷᠠᠳ ᠤᠨ ᠠᠮᠢᠳᠤᠷᠠᠯ ᠤᠨ ︽ᠶᠡᠭᠡ ᠵᠣᠬᠢᠶᠠᠯ︾ ᠢ ᠦᠷᠭᠦᠯᠵᠢᠯᠡᠨ ᠪᠢᠴᠢᠭᠯᠡᠵᠦ᠂ ᠨᠡᠩ ᠥᠨᠳᠥᠷ ᠲᠦᠪᠰᠢᠨ ᠪᠦᠬᠦᠢ ᠠᠷᠠᠳ ᠤᠨ ᠠᠮᠢᠳᠤᠷᠠᠯ ᠤᠨ ᠠᠵᠠ ᠵᠢᠷᠭᠠᠯ ᠲᠡᠰᠢ ᠤᠷᠤᠭᠰᠢᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号