ᠪᠢᠷ ᠪᠡᠬᠡᠰ ᠤᠨ ᠦᠨᠦᠷ ᠬᠠᠩᠬᠤᠯᠵᠤ ᠰᠢᠨ᠎ᠡ ᠵᠢᠯ ᠢ ᠤᠭᠲᠤᠬᠤ ᠳᠤ ᠴᠠᠭᠠᠨ ᠰᠠᠷ᠎ᠠ ᠶᠢᠨ ᠬᠤᠣᠰ ᠤᠶᠠᠩᠭ᠎ᠠ | ᠭᠡᠷ ᠪᠦᠯᠢ ᠶᠢ ᠪᠠᠶᠠᠰᠬᠠᠨ᠎ᠠ᠃ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠠᠶᠠᠷ ᠪᠠᠶᠠᠰᠬᠤᠯᠠᠩ ᠲᠠᠢ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ | ᠠᠭᠤᠷ ᠠᠮᠢᠰᠬᠤᠯ ᠢ ᠪᠤᠢ ᠪᠣᠯᠭᠠᠵᠤ᠂ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭ᠎ᠠ ᠶᠢ ᠠᠬᠢᠭᠤᠯᠬᠤ ᠶᠢᠨ | ᠲᠥᠯᠥᠭᠡ᠂ 1 ᠰᠠᠷ᠎ᠠ ᠶᠢᠨ 13 ᠤ ᠡᠳᠦᠷ᠂ ᠪᠸᠢ ᠰᠢᠨ ᠨᠡᠶᠢᠭᠡᠮ ᠲᠣᠭᠤᠷᠢᠭ ᠤᠨ ᠬᠢᠨ ᠴᠠᠭᠠᠨ ᠰᠠᠷ᠎ᠠ ᠶᠢᠨ ᠬᠤᠣᠰ | ᠤᠶᠠᠩᠭ᠎ᠠ ᠪᠢᠴᠢᠵᠦ ᠢᠷᠥᠭᠡᠯ ᠵᠥᠩᠨᠡᠯ ᠢ ᠬᠦᠷᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠠᠵᠢᠯᠯᠠᠭ᠎ᠠ ᠳᠤ ᠴᠢᠩᠱᠠᠨ ᠲᠣᠭᠤᠷᠢᠭ ᠤᠨ ᠬᠤᠩᠳᠧ ᠬᠡᠦᠬᠡᠳ ᠤᠨ ᠴᠡᠴᠡᠷᠯᠢᠭ ᠤᠨ ᠬᠡᠦᠬᠡᠳ᠂ ᠠᠵᠢᠯ ᠠᠴᠠ ᠪᠠᠨ | ᠠᠮᠠᠷᠠᠭᠰᠠᠨ ᠨᠠᠮ ᠤᠨ ᠭᠡᠰᠢᠭᠦᠨ᠂ ᠨᠡᠶᠢᠭᠡᠮ ᠲᠣᠭᠤᠷᠢᠭ ᠤᠨ ᠤᠷᠠᠨ ᠪᠢᠴᠢᠯᠭᠡ ᠳᠤ ᠪᠠᠭ᠋ᠠᠲᠠᠶ ᠬᠥᠮᠦᠰ ᠢ ᠤᠷᠢᠵᠤ | ᠣᠷᠣᠯᠴᠠᠭᠤᠯᠵᠠᠶ᠃ | ᠲᠤᠬᠠᠢ ᠶᠢᠨ ᠲᠠᠯᠠᠪᠠᠢ ᠳᠤ᠂ ᠤᠷᠠᠨ ᠪᠢᠴᠢᠯᠭᠡ ᠶᠢᠨ ᠳᠤᠷ᠎ᠠ ᠪᠠᠭ᠋ᠠᠲᠠᠶ ᠬᠥᠮᠦᠰ ᠤᠨ ᠵᠢᠯᠣᠭᠤᠳᠣᠯᠭ᠎ᠠ ᠳᠣᠣᠷ᠎ᠠ᠂ | ᠪᠢᠴᠢᠬᠠᠨ ᠨᠠᠶᠢᠵᠠ ᠨᠠᠷ ᠪᠤᠶᠠᠨ ᠦᠰᠦᠭ ᠢ ᠬᠡᠪᠯᠡᠵᠦ᠂ ᠪᠤᠶᠠᠨ ᠪᠢᠴᠢᠬᠦ ᠶᠢᠨ ᠪᠠᠶᠠᠷ ᠪᠠᠭ᠋ᠠᠳᠤᠯ ᠢ ᠪᠡᠶ᠎ᠡ ᠪᠠᠷ ᠢᠶᠠᠨ | ᠥᠩᠭᠡᠷᠡᠭᠦᠯᠪᠡ᠃ ᠲᠡᠳᠡ ᠬᠡᠳᠦ᠋ᠢᠪᠡᠷ ᠪᠤᠯᠪᠠᠰᠤᠷᠠᠩᠭᠤᠢ ᠪᠤᠰᠤ ᠪᠣᠯᠪᠠᠴᠤ᠂ ᠤᠳᠠᠭ᠎ᠠ ᠪᠣᠯᠭᠠᠨ ᠳᠠᠷᠤᠮᠯᠠᠬᠤ ᠪᠦᠷᠢ | ᠬᠡᠦᠬᠡᠳ ᠤᠨ ᠬᠠᠯᠠᠭᠤᠨ ᠰᠡᠳᠬᠢᠯ ᠢᠶᠠᠷ ᠪᠢᠯᠬᠠᠵᠤ ᠪᠠᠶᠢᠯ᠎ᠠ᠃ ᠡᠶᠢᠮᠦᠷᠬᠦᠦ ︽ᠭᠠᠷ ᠭᠠᠷ ᠢᠶᠠᠨ ᠬᠤᠯᠪᠣᠯᠴᠠᠬᠤ︾ | ᠬᠠᠷᠢᠯᠴᠠᠨ ᠦᠢᠯᠡᠳᠦᠯᠴᠡᠬᠦ ᠠᠷᠭ᠎ᠠ ᠮᠠᠶ᠋ᠢᠭ ᠨᠢ ᠬᠡᠦᠬᠡᠳ ᠤᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ | ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠡᠴᠢᠭᠡ ᠡᠬᠡ ᠦᠷ᠎ᠡ ᠬᠡᠤᠬᠡᠳ ᠤᠨ ᠬᠤᠭᠤᠷᠣᠨᠳᠣᠬᠢ ᠬᠠᠶᠢᠷ᠎ᠠ | ᠰᠡᠳᠬᠢᠯᠭᠡ ᠶᠢ ᠭᠦᠨᠵᠡᠭᠡᠶᠢᠷᠡᠭᠦᠯᠵᠡᠶ᠃ | ᠡᠲᠡᠭᠡᠷ ᠬᠤᠣᠰ ᠤᠶᠠᠩᠭ᠎ᠠ ᠨᠢ ᠵᠥᠪᠬᠡᠨ ᠳᠥᠭᠦᠮᠬᠡᠨ ᠤᠷᠠᠨ ᠪᠢᠴᠢᠯᠭᠡ ᠶᠢᠨ ᠪᠦᠲᠦᠭᠡᠯ ᠪᠣᠯᠬᠤ ᠪᠠᠷ ᠪᠠᠷᠠᠬᠤ | ᠦᠭᠡᠢ᠂ ᠨᠠᠩ ᠴᠤ ᠨᠡᠶᠢᠭᠡᠮ ᠲᠣᠭᠤᠷᠢᠭ ᠤᠨ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢᠨ ᠬᠤᠯᠪᠣᠭᠠᠰᠤ | ᠮᠥᠨ᠂ ᠨᠠᠮ ᠤᠨ ᠭᠡᠰᠢᠭᠦᠨ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠰᠡᠳᠬᠢᠯ ᠢ | ᠳᠤᠯᠠᠭᠠᠴᠠᠭᠤᠯᠬᠤ ᠠᠷᠭ᠎ᠠ ᠬᠡᠮᠵᠢᠶ᠎ᠡ ᠮᠥᠨ᠂ ᠤᠯᠠᠨ ᠳᠤ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ | ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ | ᠰᠣᠯᠢᠯᠴᠠᠭ᠎ᠠ ᠪᠠ ᠬᠤᠷᠰᠢᠯᠴᠠᠭ᠎ᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ | ᠲᠥᠪᠯᠡᠩᠭᠦᠶ ᠬᠦᠴᠦᠨ ᠢ ᠳᠡᠭᠡᠭᠰᠢᠯᠡᠭᠦᠯᠦᠭᠰᠡᠨ ᠪᠠᠶᠢᠨ᠎ᠠ᠃ | | | | |