ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠴᠢᠩᠱᠠᠨ ᠲᠣᠭᠤᠷᠢᠭ ᠤᠨ 2025 ᠣᠨ ᠤ ᠵᠡᠭᠡᠯᠢ ᠭᠤᠳᠤᠮᠵᠢ ᠶᠢᠨ ᠠᠷᠠᠳ ᠤᠨ ᠵᠠᠩ ᠦᠢᠯᠡ ᠶᠢᠨ ᠤᠳᠬ᠎ᠠ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠴᠢ ᠡᠯ᠎ᠡ ᠦᠵᠡᠭᠦᠯᠦᠯᠭᠡ ᠶᠢᠨ ᠤᠷᠤᠯᠳᠤᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/15
      ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠪᠠᠳᠠᠷᠠᠭᠤᠯᠬᠤ ᠶᠢᠨ ᠲᠥᠯᠥᠭᠡ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠢᠳᠡᠪᠬᠢᠲᠡᠢ ᠴᠤᠤᠷᠢᠶᠠᠲᠤᠨ ᠳᠠᠭᠠᠵᠤ᠂ 2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠠᠯᠢ ᠣᠯᠠᠨ ᠭᠤᠶᠢᠳᠠ ᠰᠠᠶᠢᠬᠠᠨ ᠠᠷᠠᠳ ᠤᠨ ᠵᠠᠩ ᠦᠢᠯᠡ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠦᠨ᠎ᠡ᠃ ᠲᠣᠭᠯᠠᠯᠲᠠ ᠶᠢᠨ ᠶᠠᠰᠤ ᠴᠢᠨᠠᠷ ᠢ ᠪᠠᠲᠤᠯᠠᠵᠦ᠂ ᠠᠵᠢᠯᠯᠠᠭ᠎ᠠ ᠨᠢ ᠠᠮᠤᠷ ᠲᠦᠪᠰᠢᠨ᠂ ᠤᠷᠤᠭᠰᠢᠲᠠᠶ᠂ ᠥᠨᠳᠥᠷ ᠪᠦᠲᠦᠮᠵᠢᠲᠡᠶ ᠶᠠᠪᠤᠭᠳᠠᠬᠤ ᠶᠢᠨ ᠲᠦᠯᠦᠭᠡ᠂ 1 ᠰᠠᠷ᠎ᠠ ᠶᠢᠨ 13 ᠤ ᠡᠳᠦᠷ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠴᠢᠩᠱᠠᠨ ᠲᠣᠭᠤᠷᠢᠭ ᠤᠨ 2025 ᠣᠨ ᠤ ᠵᠡᠭᠡᠯᠢ ᠭᠤᠳᠤᠮᠵᠢ ᠶᠢᠨ ᠠᠷᠠᠳ ᠤᠨ ᠵᠠᠩ ᠦᠢᠯᠡ ᠶᠢᠨ ᠤᠳᠬ᠎ᠠ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠵᠢᠴᠢ ᠡᠯ᠎ᠡ ᠦᠵᠡᠭᠦᠯᠦᠯᠭᠡ ᠶᠢᠨ ᠤᠷᠤᠯᠳᠤᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠬᠤᠷᠠᠯᠳᠤᠭᠤᠯᠪᠠ᠃ 8 ᠬᠡᠷᠡᠭ ᠡᠷᠬᠢᠯᠡᠬᠦ ᠭᠠᠵᠠᠷ᠂ 2 ᠪᠠᠯᠭᠠᠰᠤ᠂ ᠯᠢᠶᠠᠩ ᠶᠢᠩ ᠪᠥᠵᠢᠭ ᠤᠨ ᠰᠤᠷᠭᠠᠭᠤᠯᠢ ᠵᠢᠴᠢ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠠᠵᠢᠯᠴᠢᠨ ᠤ ᠡᠪᠯᠡᠯ ᠤᠨ ᠰᠣᠶᠣᠯ ᠤᠨ ᠠᠵᠢᠯᠲᠠᠳ ᠬᠠᠮᠲᠦ ᠴᠤᠭᠯᠠᠷᠠᠵᠤ᠂ ᠲᠣᠰ ᠤᠳᠠᠭᠠᠨ ᠤ ᠬᠤᠷᠠᠯ ᠳᠤ ᠣᠷᠣᠯᠴᠠᠪᠠ᠃ ᠬᠤᠷᠠᠯ ᠢ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠿᠦᠢ ᠵᠢᠶᠦ᠋ᠨ ᠡᠷᠬᠢᠯᠡᠪᠡ᠃      ᠬᠤᠷᠠᠯ ᠳᠡᠭᠡᠷ᠎ᠡ᠂ ᠡᠯ᠎ᠡ ᠵᠦᠢᠯ ᠤᠨ ᠠᠵᠢᠯ ᠤᠨ ᠲᠤᠬᠢᠷᠠᠭᠤᠯᠤᠯᠳᠠ ᠶᠢ ᠲᠤᠳᠤᠷᠬᠠᠢ ᠨᠠᠷᠢᠯᠢᠭᠵᠢᠭᠤᠯᠪᠠ᠃ ᠡᠯ᠎ᠡ ᠤᠳᠬ᠎ᠠ ᠤᠷᠠᠯᠢᠭ ᠤᠨ ᠪᠦᠯᠬᠦᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠵᠠᠭᠠᠭᠯᠠᠨ ᠲᠣᠭᠲᠠᠭᠠᠭᠰᠠᠨ ᠢᠶᠠᠷ ᠪᠠᠷᠠᠬᠤ ᠥᠬᠡᠶ᠂ ᠪᠠᠰᠠ ᠫᠷᠤᠭ᠍ᠷᠠᠮ ᠳᠤ ᠴᠢᠩᠭ᠎ᠠ ᠱᠠᠭᠠᠷᠳᠠᠯᠭ᠎ᠠ ᠳᠤᠷᠠᠳᠤᠭᠰᠠᠨ ᠪᠥᠭᠡᠳ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠳᠤᠮᠳᠠ ᠭᠤᠤᠯᠳᠠᠯᠭ᠎ᠠ ᠲᠠᠢ ᠠᠩᠬᠠᠷᠬᠤ ᠴᠢᠬᠤᠯᠠᠲᠠᠶ ᠠᠰᠠᠭᠤᠳᠠᠯ ᠢ  ᠴᠢᠬᠤᠯᠠᠴᠢᠯᠠᠪᠠ᠃ ᠬᠤᠷᠠᠯ ᠠᠴᠠ ᠡᠯ᠎ᠡ ᠦᠵᠡᠭᠦᠯᠦᠯᠭᠡ ᠶᠢᠨ ᠲᠣᠭᠯᠠᠯᠲᠠ ᠶᠢᠨ ᠡᠩᠨᠡᠭᠡ ᠶᠢᠨ ᠬᠢᠨ ᠡᠷᠬᠡᠪᠰᠢ ᠲᠤᠰ ᠤᠳᠠᠭ᠎ᠠ ᠶᠢᠨ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠣᠭᠯᠠᠯᠲᠠ ᠶᠢᠨ ᠶᠠᠰᠤ ᠴᠢᠨᠠᠷ ᠤᠨ ᠪᠣᠭᠤᠮᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠴᠢᠩᠭ᠎ᠠ ᠡᠵᠡᠮᠳᠡᠵᠦ᠂ ᠨᠡᠶᠢᠭᠡᠮ ᠤᠨ ᠭᠠᠯ ᠤᠨ ᠦᠵᠡᠭᠦᠯᠦᠯᠭᠡ ᠶᠢᠨ ᠲᠣᠭᠯᠠᠯᠲᠠ ᠶᠢ ᠥᠪᠡᠷᠮᠢᠴᠡ ᠣᠨᠴᠠᠯᠢᠭ ᠲᠠᠢ᠂ ᠥᠨᠳᠥᠷ ᠲᠦᠪᠰᠢᠨ ᠲᠠᠢ ᠰᠣᠶᠣᠯ ᠤᠨ ᠦᠪᠡᠳᠡᠭᠰᠢ ᠨᠠᠶᠢᠷ ᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠤᠰ ᠤᠳᠠᠭᠠᠨ ᠤ ᠬᠤᠷᠠᠯ ᠢ ᠬᠤᠷᠠᠯᠳᠤᠭᠰᠠᠨ ᠨᠢ ᠴᠢᠩᠱᠠᠨ ᠲᠣᠭᠤᠷᠢᠭ ᠤᠨ ᠠᠷᠠᠳ ᠤᠨ ᠵᠠᠩ ᠦᠢᠯᠡ ᠶᠢᠨ ᠤᠳᠬ᠎ᠠ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠳᠠᠷᠠᠭᠠᠴᠢ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号