ᠬᠢᠨᠠᠨ ᠪᠣᠳᠣᠬᠤ ᠰᠤᠳᠤᠯᠭᠠᠨ ᠤ ᠭᠦᠨ ᠳᠠᠪᠬᠤᠷᠭ᠎ᠠ ᠶᠢ ᠰᠠᠬᠢᠨ ᠬᠠᠮᠠᠭᠠᠯᠠᠬᠤ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠬᠦᠷᠢᠶ᠎ᠡ ᠬᠡᠪᠴᠢᠶ᠎ᠡ ᠶᠢᠨ ᠡᠷᠡᠭᠦᠯ ᠢᠶᠠᠷ ᠬᠥᠭᠵᠢᠬᠦ ᠶᠢ ᠴᠢᠩᠭᠠᠳᠭᠠᠨ᠎ᠠ
ᠨᠡᠶᠢᠲᠡᠯᠡᠭᠰᠡᠨ ᠴᠠᠭ᠄
2025/1/16
      ᠴᠢᠩᠱᠠᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠬᠢᠨᠠᠨ ᠪᠣᠳᠣᠬᠤ ᠵᠠᠬᠢᠷᠭ᠎ᠠ ᠶᠢᠨ ᠰᠤᠳᠤᠯᠬᠤ ᠬᠡᠯᠪᠡᠷᠢ ᠶᠢᠨ ᠬᠢᠨᠠᠨ ᠪᠣᠳᠣᠬᠤ ᠠᠵᠢᠯ ᠤᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠲᠠᠪᠦᠷᠢᠵᠢᠭᠤᠯᠵᠦ᠂ ᠰᠤᠳᠤᠯᠬᠤ ᠬᠡᠯᠪᠡᠷᠢ ᠶᠢᠨ ᠬᠢᠨᠠᠨ ᠪᠣᠳᠣᠬᠤ ᠠᠵᠢᠯ ᠢ ᠬᠢᠨᠠᠨ ᠪᠣᠳᠣᠬᠤ ᠠᠵᠢᠯ ᠤᠨ ᠰᠢᠨ᠎ᠡ ᠬᠦᠴᠦᠯᠡᠬᠦ ᠴᠡᠭ ᠪᠣᠯᠭᠠᠵᠤ᠂ ᠲᠥᠷᠥ ᠶᠢᠨ ᠪᠣᠳᠣᠯᠭ᠎ᠠ ᠳᠦᠷᠢᠮ ᠢ ᠰᠤᠳᠤᠯᠬᠤ ᠳᠡᠭᠡᠷ᠎ᠡ ᠬᠦᠴᠦ ᠲᠠᠯᠪᠢᠨ᠂ ᠭᠦᠨᠵᠡᠭᠡᠢ ᠪᠣᠳᠣᠯᠬᠢᠯᠠᠵᠤ᠂ ᠰᠤᠳᠤᠯᠬᠤ ᠬᠡᠯᠪᠡᠷᠢ ᠶᠢᠨ ᠬᠢᠨᠠᠨ ᠪᠣᠳᠣᠬᠤ ᠠᠵᠢᠯ ᠢ ᠲᠦᠯᠬᠢᠨ ᠠᠬᠢᠭᠤᠯᠵᠤ᠂ ᠭᠦᠨᠵᠡᠭᠡᠢ ᠰᠠᠬᠢᠨ ᠬᠠᠮᠠᠭᠠᠯᠠᠵᠤ᠂ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠬᠦᠷᠢᠶ᠎ᠡ ᠬᠡᠪᠴᠢᠶᠡᠨ ᠳᠠᠬᠢ ᠡᠷᠡᠭᠦᠯ ᠬᠥᠭᠵᠢᠯᠲᠡ ᠶᠢ ᠬᠠᠮᠠᠭᠠᠯᠠᠨ᠎ᠠ᠃      ᠬᠢᠨᠠᠨ ᠪᠣᠳᠣᠬᠤ ᠲᠥᠷᠥᠯ ᠵᠦᠢᠯ ᠳᠤ ᠨᠠᠷᠢᠯᠢᠭ ᠣᠨᠣᠪᠴᠢᠲᠠᠢ ᠠᠩᠬᠠᠷᠤᠯ ᠢᠶᠠᠨ ᠬᠠᠨᠳᠤᠭᠤᠯᠤᠨ᠎ᠠ᠃ ᠬᠢᠨᠠᠬᠤ ᠠᠴᠠ ᠡᠮᠦᠨ᠎ᠡ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ ᠢ ᠪᠠᠷᠢᠮᠲᠠᠯᠠᠨ᠂ ᠰᠤᠳᠤᠯᠤᠨ ᠥᠷᠨᠢᠭᠦᠯᠵᠦ᠂ ᠲᠥᠷᠥᠯ ᠵᠦᠢᠯ ᠲᠣᠭᠲᠠᠭᠠᠬᠤ ᠵᠢᠯᠣᠭᠤᠳᠣᠯᠭ᠎ᠠ ᠶᠢ ᠰᠢᠯᠤᠭᠤᠳᠬᠠᠨ ᠰᠤᠳᠤᠯᠬᠤ ᠪᠠᠨ ᠴᠢᠩᠭᠠᠳᠬᠠᠨ᠂ ᠲᠥᠷᠥᠯ ᠵᠦᠢᠯ ᠲᠣᠭᠲᠠᠭᠠᠬᠤ ᠬᠥᠲᠥᠴᠢ ᠦᠢᠯᠡᠳᠦᠯ ᠢ ᠪᠠᠳᠠᠷᠠᠭᠤᠯᠵᠤ᠂ ︽ᠠᠷᠠᠳ ᠤᠨ ᠠᠮᠢᠳᠤᠷᠠᠯ ᠪᠣᠯ ᠬᠠᠮᠤᠭ ᠤᠨ ᠶᠡᠭᠡ ᠤᠯᠤᠰ ᠲᠥᠷᠥ︾ ᠪᠣᠯᠬᠤ ᠶᠢ ᠬᠢᠨᠠᠨ ᠪᠤᠳᠤᠬᠤ ᠲᠥᠷᠥᠯ ᠵᠦᠢᠯ ᠳᠤ ᠦᠨᠡᠨ ᠬᠦ ᠢᠯᠡᠷᠡᠭᠦᠯᠵᠡᠶ᠃ ᠲᠥᠷᠥᠯ ᠵᠦᠢᠯ ᠤᠨ ᠲᠥᠯᠦᠪᠵᠢᠭᠦᠯᠭᠡ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠰᠠᠯᠠᠭ᠎ᠠ ᠲᠠᠰᠤᠭ ᠤᠨ ᠪᠠᠬᠢᠯᠡᠯᠲᠡ ᠶᠢ ᠡᠪᠳᠡᠵᠦ᠂ ᠪᠥᠬᠦ ᠲᠠᠯ᠎ᠠ ᠶᠢᠨ ᠠᠵᠢᠯᠲᠠᠨ ᠤ ᠬᠦᠴᠦᠨ ᠢ ᠨᠢᠭᠡᠳᠦᠯᠲᠡᠶ ᠲᠥᠯᠥᠪᠯᠡᠨ᠂ ᠡᠯ᠎ᠡ ᠰᠠᠯᠠᠭ᠎ᠠ ᠲᠠᠰᠤᠭ ᠠᠴᠠ ︽ᠰᠢᠯᠢᠳᠡᠭ ᠴᠡᠷᠢᠭ ᠬᠦᠴᠦᠷᠬᠡᠭ ᠵᠠᠩᠵᠤᠨ︾ ᠲᠠᠳᠠᠵᠤ᠂ ᠬᠢᠨᠠᠬᠤ ᠠᠴᠠ ᠡᠮᠦᠨᠡᠬᠢ ᠶᠠᠷᠢᠯᠴᠠᠬᠤ ᠬᠤᠷᠠᠯ ᠬᠤᠷᠠᠯᠳᠤᠭᠤᠯᠬᠤ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ᠂ ︽ᠲᠠᠷᠢᠬᠢ ᠲᠣᠯᠣᠭᠠᠶ ᠰᠢᠭᠤᠷᠭ᠎ᠠ︾᠎ ᠶᠢᠨ ᠰᠢᠨ᠎ᠡ ᠶᠢ ᠡᠭᠦᠳᠬᠦ ᠰᠡᠳᠬᠢᠬᠦᠶ ᠶᠢ ᠬᠡᠷᠡᠭᠯᠡᠨ᠂ ᠬᠢᠨᠠᠬᠤ ᠠᠴᠠ ᠡᠮᠦᠨᠡᠬᠢ ᠪᠠᠶᠢᠴᠠᠭᠠᠯᠲᠠ ᠬᠢᠵᠦ᠂ ᠡᠳ᠋ ᠤᠨ ᠶᠠᠪᠤᠳᠠᠯ ᠪᠠ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ᠂ ᠳᠣᠲᠣᠭᠠᠳᠤ ᠡᠵᠡᠮᠳᠡᠯ ᠤᠨ ᠲᠦᠷᠢᠮ ᠤᠨ ᠡᠮᠬᠢᠳᠬᠡᠯ᠂ ᠠᠵᠢᠯᠲᠠᠨ ᠤ ᠪᠦᠷᠢᠯᠳᠦᠯ ᠤᠨ ᠪᠠᠶᠢᠳᠠᠯ ᠵᠡᠷᠭᠡ ᠮᠠᠲ᠋ᠧᠷᠢᠶᠠᠯ ᠢ ᠰᠢᠯᠵᠢᠭᠦᠯᠦᠨ ᠠᠪᠴᠤ᠂ ᠬᠢᠨᠠᠨ ᠪᠤᠳᠤᠬᠤ ᠵᠦᠢᠯᠡᠰ ᠤᠨ ᠵᠠᠩᠭᠢᠯᠠᠭ᠎ᠠ ᠶᠢᠨ ᠴᠡᠭ ᠪᠠ ᠪᠠᠭᠤᠷᠠᠶ ᠲᠠᠯ᠎ᠠ ᠶᠢ ᠵᠠᠳᠠᠯᠤᠨ ᠰᠤᠳᠤᠯᠵᠤ ᠮᠠᠭᠠᠳᠯᠠᠬᠤ ᠳᠤ ᠰᠠᠭᠤᠷᠢ ᠲᠠᠯᠪᠢᠵᠤ ᠥᠭᠪᠡ᠃      ᠬᠢᠨᠠᠨ ᠪᠤᠳᠤᠬᠤ ᠶᠢᠨ ᠳᠠᠭᠠᠤ ᠰᠤᠳᠤᠯᠤᠨ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠬᠢᠨᠠᠪᠠᠯ ᠰᠤᠳᠤᠯᠬᠤ︾᠎ ᠶᠢ ᠪᠠᠷᠢᠮᠲᠠᠯᠠᠵᠤ᠂ ᠲᠣᠮᠣ ᠳ᠋ᠠᠶᠢᠲ᠋ᠠ ᠶᠢᠨ ᠬᠢᠨᠠᠨ ᠪᠣᠳᠣᠬᠤ ᠪᠠ ᠰᠤᠳᠤᠯᠬᠤ ᠬᠡᠯᠪᠡᠷᠢ ᠶᠢᠨ ᠬᠢᠨᠠᠨ ᠪᠣᠳᠣᠬᠤ ᠰᠡᠳᠬᠢᠴᠡ ᠲᠠᠢ ᠤᠶᠠᠯᠳᠤᠭᠤᠯᠤᠨ᠂ ᠬᠢᠨᠠᠨ ᠪᠣᠳᠣᠯᠲᠠ ᠪᠠᠷ ᠰᠤᠳᠤᠯᠭᠠᠨ ᠢ ᠠᠬᠢᠭᠤᠯᠤᠨ᠎ᠠ᠃ ︽ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ - ᠬᠢᠨᠠᠨ ᠪᠤᠳᠤᠬᠤ ᠠᠷᠭ᠎ᠠ - ᠲᠤᠭ᠎ᠠ ᠪᠠᠷᠢᠮᠲᠠ ᠶᠢᠨ ᠵᠠᠳᠠᠯᠤᠯᠲᠠ - ᠰᠡᠵᠢᠭ ᠲᠠᠢ ᠴᠡᠭ ᠢ ᠬᠢᠨᠠᠨ ᠬᠠᠷᠭᠤᠭᠤᠯᠬᠤ - ᠴᠢᠨᠠᠷ ᠢ ᠲᠣᠭᠲᠠᠭᠠᠨ ᠰᠢᠢᠳᠪᠦᠷᠢᠯᠡᠬᠦ︾ ᠠᠵᠢᠯ ᠤᠨ ᠵᠠᠭᠪᠤᠷ ᠢ ᠪᠠᠶᠢᠭᠤᠯᠵᠤ᠂ ᠬᠢᠨᠠᠨ ᠪᠤᠳᠤᠬᠤ ᠠᠵᠢᠯ ᠤᠨ ᠠᠷᠭ᠎ᠠ ᠶᠢ ᠰᠢᠯᠢᠳᠡᠭᠵᠢᠭᠦᠯᠦᠨ᠎ᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠴᠢ ᠪᠠᠷᠢᠯᠭ᠎ᠠ ᠳᠠᠭᠤᠰᠴᠤ ᠳ᠋ᠦᠩᠨᠡᠨ ᠪᠣᠳᠣᠬᠤ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠤ᠂ ᠬᠢᠨᠠᠨ ᠪᠣᠳᠣᠯᠲᠠ ᠬᠢᠯᠭᠡᠬᠦ ᠢᠨᠵᠧᠨᠧᠷᠢᠩ ᠤᠨ ᠬᠠᠤᠯᠢ ᠶᠣᠰᠣᠨ ᠤ ᠪᠥᠭᠡᠳ ᠲᠣᠭᠲᠠᠭᠠᠯ ᠳᠤ ᠨᠡᠶᠢᠴᠡᠬᠦ ᠴᠢᠨᠠᠷ ᠪᠣᠯᠤᠨ ᠵᠣᠭᠤᠰ ᠥᠭᠴᠦ ᠪᠠᠶᠢᠭ᠎ᠠ ᠪᠠᠶᠢᠳᠠᠯ ᠢ ᠵᠠᠳᠠᠯᠤᠨ᠎ᠠ᠃ Google Earth᠂ ᠤᠦ ᠸᠧᠢ ᠬᠠᠷᠢᠯᠴᠠᠨ ᠬᠥᠳᠡᠯᠦᠯᠴᠡᠬᠦ ᠭᠠᠵᠠᠷ ᠤᠨ ᠵᠢᠷᠤᠭ ᠵᠡᠷᠭᠡ ᠲᠡᠦᠬᠡᠨ ᠳᠠᠭᠠᠭᠤᠯᠢ ᠣᠳᠣᠨ ᠤ ᠭᠠᠵᠠᠷ ᠤᠨ ᠵᠢᠷᠤᠭ ᠢ ᠥᠭᠡᠷᠡᠴᠢᠯᠡᠬᠦ ᠠᠴᠠ ᠡᠮᠦᠨᠡᠬᠢ ᠭᠡᠷ ᠪᠠᠶᠢᠰᠢᠩ ᠤᠨ ᠪᠠᠶᠢᠷᠢ ᠪᠠ ᠲᠠᠯᠠᠪᠠᠢ ᠶᠢ ᠣᠢᠯᠠᠭᠠᠬᠤ ᠪᠠᠷ ᠳᠠᠮᠵᠢᠨ᠂ ᠵᠡᠭᠡᠯᠢ ᠶᠢᠨ ᠦᠵᠡᠮᠵᠢ ᠶᠢᠨ ᠭᠠᠵᠠᠷ ᠤᠨ ᠵᠢᠷᠤᠭ ᠢ ᠲᠣᠬᠢᠷᠠᠭᠤᠯᠤᠨ ᠥᠭᠡᠷᠡᠴᠢᠯᠡᠬᠦ ᠠᠴᠠ ᠡᠮᠦᠨᠡᠬᠢ ᠪᠠᠷᠢᠯᠭ᠎ᠠ ᠶᠢᠨ ᠥᠨᠳᠥᠷ ᠪᠠ ᠪᠦᠲᠦᠴᠡ ᠶᠢ ᠣᠢᠯᠠᠭᠠᠵᠤ᠂ ᠰᠠᠭᠤᠭᠠᠯᠢ ᠲᠣᠭᠤᠷᠢᠭ ᠤᠨ ᠣᠷᠣᠬᠤ ᠭᠠᠵᠠᠷ ᠤᠨ ᠵᠡᠭᠡᠯᠢ ᠶᠢᠨ ᠦᠵᠡᠮᠵᠢ ᠶᠢᠨ ᠭᠠᠵᠠᠷ ᠤᠨ ᠵᠢᠷᠤᠭ ᠠᠴᠠ ᠤᠤᠯ ᠤᠨ ᠰᠠᠭᠤᠭᠠᠯᠢ ᠲᠣᠭᠤᠷᠢᠭ ᠤᠨ ᠬᠠᠲᠠᠭᠰᠠᠨ ᠪᠠᠶᠢᠳᠠᠯ ᠪᠠ ᠭᠠᠵᠠᠷ ᠤᠨ ᠭᠠᠳᠠᠷᠭᠤ ᠶᠢᠨ ᠥᠨᠳᠥᠷ ᠢ ᠤᠶᠢᠯᠭᠠᠪᠠ᠃ ᠥᠷᠭᠡᠨ ᠳᠡᠯᠭᠡᠴᠡ ᠪᠠᠷ ᠲᠤᠭ᠎ᠠ ᠪᠣᠳᠣᠬᠤ᠂ ᠦᠨ᠎ᠡ ᠪᠣᠳᠣᠬᠤ ᠫᠷᠤᠭ᠍ᠷᠠᠮ ᠬᠠᠩᠭᠠᠮᠵᠢ ᠪᠣᠯᠤᠨ CAD ᠵᠡᠷᠭᠡ  ᠫᠷᠤᠭ᠍ᠷᠠᠮ ᠬᠠᠩᠭᠠᠮᠵᠢ ᠪᠠᠷ ᠲᠥᠰᠦᠯ ᠲᠤᠭᠲᠠᠭᠠᠨ᠎ᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠪᠠᠷᠢᠯᠭ᠎ᠠ ᠶᠢᠨ ᠶᠠᠰᠤ ᠴᠢᠨᠠᠷ ᠪᠠ ᠦᠨ᠎ᠡ ᠬᠠᠩᠰᠢ ᠶᠢᠨ ᠪᠠᠶᠢᠳᠠᠯ ᠢ ᠭᠦᠨᠵᠡᠭᠡᠶ ᠰᠤᠳᠤᠯᠤᠨ ᠵᠠᠳᠠᠯᠵᠤ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠤᠨ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠰᠢᠨᠵᠢ ᠴᠢᠨᠠᠷ ᠨᠢ ᠣᠨᠣᠪᠴᠢᠲᠠᠶ ᠪᠠᠶᠢᠬᠤ᠂ ᠬᠢᠨᠠᠨ ᠪᠤᠳᠤᠬᠤ ᠰᠠᠨᠠᠭᠤᠯᠭ᠎ᠠ ᠨᠢ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ ᠬᠢᠨᠠᠨ ᠪᠤᠳᠤᠬᠤ ᠲᠥᠷᠥᠯ ᠵᠦᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠰᠤᠳᠤᠯᠭᠠᠨ ᠢ ᠠᠳᠬᠤᠭᠰᠠᠨ ᠠᠴᠠ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠳᠡᠭᠡᠭᠰᠢᠯᠡᠭᠦᠯᠦᠨ᠎ᠡ᠃ ᠰᠤᠳᠤᠯᠤᠨ ᠬᠢᠨᠠᠬᠤ ᠶᠢ ᠬᠠᠷᠢᠯᠴᠠᠨ ᠠᠭᠤᠰᠤᠯᠴᠠᠭᠤᠯᠬᠤ ᠶᠢ ᠠᠬᠢᠭᠤᠯᠵᠤ᠂ ᠪᠠᠶᠢᠭᠤᠯᠤᠯ ᠲᠣᠭᠲᠠᠴᠠ ᠶᠢᠨ ᠳᠤᠲᠠᠭᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠤᠳᠤᠯᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤ᠂ ᠬᠠᠨᠳᠤᠯᠭᠠᠲᠤ ᠴᠢᠨᠠᠷ ᠢᠶᠠᠷ ᠴᠢᠩᠭ᠎ᠠ ᠬᠢᠨᠠᠨ ᠪᠤᠳᠤᠬᠤ ᠰᠠᠨᠠᠭᠤᠯᠭ᠎ᠠ ᠳᠤᠷᠠᠳᠴᠤ᠂ ᠬᠢᠨᠠᠨ ᠪᠤᠳᠤᠭᠰᠠᠨ ᠦᠷ᠎ᠡ ᠪᠦᠲᠦᠭᠡᠯ ᠤᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ︽ᠲᠠᠷᠠᠭᠠᠴᠢ ᠶᠢᠨ ᠠᠵᠢᠯ︾ ᠬᠢᠭᠡᠳ ᠬᠢᠨᠠᠨ ᠪᠤᠳᠤᠵᠤ ᠢᠯᠡᠷᠡᠭᠦᠯᠦᠭᠰᠡᠨ ᠠᠰᠠᠭᠤᠳᠠᠯ ︽ᠳᠡᠭᠡᠳᠦ ᠬᠠᠭᠠᠰ ᠵᠣᠬᠢᠶᠠᠯ︾᠎ ᠢ ᠨᠢᠭᠡ ᠴᠣᠭᠴᠠᠵᠢᠭᠤᠯᠤᠨ ᠠᠬᠢᠭᠤᠯᠵᠤ᠂ ᠵᠡᠷᠭᠡ ᠪᠠᠷ ᠰᠤᠳᠤᠯᠬᠤ ᠶᠢ ᠪᠠᠷᠢᠮᠲᠠᠯᠠᠨ᠎ᠠ᠃ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠪᠠ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠢᠭᠡᠳ ᠨᠢᠭᠡ ᠪᠠᠷ ᠵᠠᠳᠠᠯᠵᠤ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢᠨ ᠡᠬᠡ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠳ᠋ᠤᠭᠠᠷ ᠬᠠᠰᠤᠬᠤ ᠪᠠᠷᠢᠮᠵᠢᠶ᠎ᠠ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠮᠥᠷᠳᠡᠵᠦ᠂ ᠬᠥᠳᠡᠯᠦᠩᠭᠦᠶ ᠪᠠᠷ ᠰᠢᠨᠡᠳᠬᠡᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠢ ᠶᠢ ᠱᠠᠯᠠᠪᠳᠠᠭᠤᠯᠤᠨ ᠵᠢᠯᠣᠭᠤᠳᠴᠤ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠪᠠ᠃ ︽ᠬᠢᠨᠠᠨ ᠪᠣᠳᠣᠯᠲᠠ ᠪᠠᠷ ᠳᠠᠮᠵᠢᠨ᠂ ᠨᠢᠭᠡ ᠬᠡᠰᠡᠭ ᠢ ᠳᠦᠷᠢᠮᠵᠢᠭᠦᠯᠬᠦ︾ ᠦᠷ᠎ᠡ ᠳ᠋ᠦᠩ ᠳᠤ ᠬᠦᠷᠦᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号