ᠴᠢᠩᠱᠠᠨ ᠲᠣᠭᠤᠷᠢᠭ 2024 ᠣᠨ ᠤ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/16
      2025 ᠤᠨ ᠤ 1 ᠰᠠᠷ᠎ᠠ ᠶᠢᠨ 15᠎ ᠤ ᠡᠳᠦᠷ᠂ ᠴᠢᠩᠱᠠᠨ ᠲᠣᠭᠤᠷᠢᠭ ᠤᠨ 2024 ᠣᠨ ᠤ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠥᠸᠧ ᠺᠧ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠪᠡ᠃ ᠠᠷᠠᠳᠴᠢᠯᠠᠯ ᠢᠶᠠᠷ ᠤᠯᠤᠰ ᠪᠠᠶᠢᠭᠤᠯᠬᠤ ᠬᠤᠷᠠᠯ ᠤᠨ ᠴᠢᠩᠱᠠᠨ ᠲᠣᠭᠤᠷᠢᠭ ᠤᠨ ᠶᠡᠷᠦᠩᠬᠡᠢ ᠡᠭᠦᠷ᠂ ︽9 · 3︾᠎  ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠴᠢᠩᠱᠠᠨ ᠲᠣᠭᠤᠷᠢᠭ ᠤᠨ ᠬᠤᠷᠢᠶ᠎ᠠ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠵᠦ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠴᠢᠩᠱᠠᠨ ᠲᠣᠭᠤᠷᠢᠭ ᠤᠨ ᠶᠡᠷᠦᠩᠬᠡᠢ ᠡᠭᠦᠷ ᠤᠨ ᠬᠢᠨ ᠪᠢᠴᠢᠭ ᠤᠨ ᠬᠡᠯᠪᠡᠷᠢ ᠶᠢᠨ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠲᠤᠰᠢᠶᠠᠪᠠ᠃      ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠳ᠋ᠢᠩ ᠺᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠨᠤᠲᠠᠯᠠᠪᠠ᠃ ᠲᠡᠷᠡ᠂ ᠤᠯᠠᠨ ᠤ ᠪᠠᠶᠢᠴᠠᠭᠠᠨ ᠰᠤᠳᠤᠯᠤᠯᠲᠠ ᠶᠢᠨ ᠰᠡᠳᠦᠪ ᠰᠣᠩᠭᠤᠬᠤ ᠵᠣᠭᠰᠣᠴᠠ ᠥᠨᠳᠥᠷ᠂ ᠪᠠᠶᠢᠴᠠᠭᠠᠨ ᠰᠤᠳᠤᠯᠤᠯᠲᠠ ᠪᠣᠳᠠᠲᠠᠢ᠂ ᠠᠷᠭᠠᠴᠠᠭᠠᠬᠤ ᠪᠤᠳᠤᠯᠭ᠎ᠠ ᠰᠠᠨᠠᠭᠤᠯᠭ᠎ᠠ ᠨᠢ ᠣᠨᠣᠪᠴᠢᠲᠠᠶ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠨᠡᠩ ᠥᠨᠳᠥᠷ ᠪᠠᠶᠢᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠲᠦᠷᠦᠭᠦᠯᠡᠨ ᠰᠠᠶᠢᠲᠤᠷ ᠬᠢᠵᠦ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠶᠢ ᠪᠣᠳᠠᠲᠠᠶ ᠠᠷᠭ᠎ᠠ ᠬᠡᠮᠵᠢᠶ᠎ᠡ ᠪᠣᠯᠭᠠᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ᠂ ᠬᠥᠭᠵᠢᠯᠲᠡ ᠶᠢᠨ ᠳᠤᠮᠳᠠᠬᠢ ᠨᠢᠭᠡ ᠲᠥᠷᠥᠯ ᠤᠨ ᠲᠦᠭᠵᠢᠷᠡᠯ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ ᠭᠡᠵᠦ ᠢᠯᠡᠳᠭᠡᠪᠡ᠃      ᠳ᠋ᠢᠩ ᠺᠠᠶ᠂ ᠡᠨᠡ ᠵᠢᠯ ᠠᠴᠠ ᠨᠠᠭᠠᠰᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠦᠢᠯᠡᠰ ᠤᠨ ᠬᠥᠭᠵᠢᠯᠲᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠵᠡᠷᠭᠡ ᠠᠵᠢᠯ ᠤᠨ ᠶᠠᠪᠤᠴᠠ ᠳᠤ ᠠᠷᠭ᠎ᠠ ᠤᠬᠠᠭᠠᠨ ᠭᠠᠷᠭᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠥᠨᠳᠥᠷ ᠬᠢᠷᠢ ᠲᠦᠪᠰᠢᠨ ᠢ ᠢᠯᠡᠷᠡᠭᠦᠯᠵᠦ᠂ ᠴᠢᠩᠱᠠᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠵᠤ᠂ ᠬᠠᠷᠢᠭᠤᠴᠠᠯᠭ᠎ᠠ ᠪᠣᠯᠤᠨ ᠬᠠᠶᠢᠷ᠎ᠠ ᠰᠡᠳᠬᠢᠯᠭᠡ ᠶᠢ ᠢᠯᠡᠷᠡᠭᠦᠯᠪᠡ ᠭᠡᠵᠦ ᠵᠢᠭᠠᠨ ᠭᠠᠷᠭᠠᠪᠠ᠃      ᠳ᠋ᠢᠩ ᠺᠠᠶ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠶᠢ ᠪᠡᠶᠡᠯᠡᠭᠦᠯᠬᠦ ᠨᠢ ᠡᠯ᠎ᠡ ᠠᠵᠢᠯ ᠲᠦᠷᠦᠯ ᠤᠨ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠢ ᠪᠠᠭᠲᠠᠭᠠᠭᠰᠠᠨ ᠨᠡᠶᠢᠭᠡᠮ ᠤᠨ ᠡᠯ᠎ᠡ ᠡᠲᠡᠭᠡᠳ ᠤᠨ ᠪᠦᠯᠬᠦᠮᠳᠡᠯ ᠪᠠ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠤᠯᠠᠨ ᠢᠶᠠᠷ ᠢᠶᠠᠨ ᠬᠠᠮᠲᠤᠷᠠᠯᠴᠠᠭᠠᠨ ᠤ ᠤᠭ ᠰᠠᠨᠠᠭ᠎ᠠ ᠪᠠᠨ ᠪᠠᠲᠤ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠵᠡᠯ ᠰᠠᠨᠠᠭ᠎ᠠ ᠤᠯᠤᠰ ᠲᠦᠷᠦ ᠶᠢᠨ ᠬᠦᠳᠦᠯᠦᠨ ᠳᠠᠭᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠢᠮᠠᠭᠲᠠ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠪᠦᠬᠦ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠶᠡᠭᠡ ᠪᠦᠯᠬᠦᠮᠳᠡᠯ᠂ ᠶᠡᠭᠡ ᠬᠤᠯᠪᠣᠭᠠᠯᠠᠯ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ︽ᠬᠤᠶᠠᠷ ᠶᠡᠭᠡ ᠶᠠᠪᠤᠳᠠᠯ︾᠎ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠲᠤᠰ ᠲᠤᠰ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠠᠶᠢᠴᠠᠭᠠᠨ ᠰᠤᠳᠤᠯᠬᠤ ᠡᠷᠴᠢᠮ᠂ ᠥᠷᠭᠡᠴᠡ᠂ ᠭᠦᠨᠴᠡ ᠪᠠᠨ ᠴᠢᠩᠭᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠦᠬᠦ ᠲᠠᠯ᠎ᠠ ᠪᠠᠷ ᠤᠯᠠᠨ ᠠᠷᠭ᠎ᠠ ᠵᠠᠮ ᠢᠶᠠᠷ ᠣᠶᠢᠯᠠᠭᠠᠵᠤ᠂ ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠠᠷᠭᠠᠴᠠᠬᠤ ᠪᠤᠳᠤᠯᠭ᠎ᠠ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠪᠦᠲᠦᠮᠵᠢᠲᠡᠢ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠨᠡᠩ ᠤᠯᠠᠨ ᠠᠰᠢᠭᠲᠠᠢ ᠯᠠᠪᠯᠠᠯᠲᠠ ᠬᠠᠩᠭᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠰᠡᠳᠦᠪ ᠰᠣᠩᠭᠤᠬᠤ ᠨᠠᠷᠢᠯᠢᠭ ᠤᠨ ᠬᠡᠮᠵᠢᠶ᠎ᠡ᠂ ᠪᠠᠶᠢᠴᠠᠭᠠᠨ ᠰᠤᠳᠤᠯᠤᠯᠲᠠ ᠶᠢᠨ ᠭᠦᠨᠴᠡ ᠶᠢ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠭᠤᠣᠯ ᠠᠵᠢᠯ ᠤᠨ ᠭᠤᠣᠯᠳᠠᠯᠭ᠎ᠠ ᠲᠠᠢ ᠡᠭᠦᠷᠭᠡ ᠵᠢᠴᠢ ᠬᠥᠭᠵᠢᠯᠲᠡ ᠶᠢᠨ ᠳᠤᠮᠳᠠᠬᠢ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠤᠨ ᠲᠣᠭᠤᠷᠢᠨ ᠳᠤ᠂ ᠶᠠᠭᠤ ᠬᠢᠪᠡᠯ ᠵᠣᠬᠢᠬᠤ ᠲᠤᠬᠠᠢ ᠳᠤᠷᠠᠳᠴᠤ᠂ ᠪᠣᠳᠠᠲᠠᠢ ᠶᠠᠭᠠᠬᠢᠵᠤ ᠬᠢᠬᠦ ᠶᠢ ᠰᠤᠳᠤᠯᠵᠤ᠂ ᠠᠷᠭᠠᠴᠠᠬᠤ ᠪᠤᠳᠤᠯᠭ᠎ᠠ ᠰᠠᠨᠠᠭᠤᠯᠭ᠎ᠠ ᠶᠢ ᠨᠡᠩ ᠪᠣᠳᠠᠲᠠᠢ᠂ ᠨᠡᠩ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠳ᠋ᠢᠩ ᠺᠠᠶ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠲᠠᠢ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠣᠯᠠᠨ ᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠳᠤ ᠲᠠᠪᠴᠠᠩ ᠪᠠᠶᠢᠭᠤᠯᠤᠨ ᠪᠠᠲᠤᠯᠠᠭ᠎ᠠ ᠬᠠᠩᠭᠠᠵᠤ᠂ ᠦᠢᠯᠡᠴᠢᠯᠡᠭᠡ ᠶᠢ ᠰᠠᠶᠢᠲᠤᠷ ᠬᠢᠵᠦ᠂ ᠣᠯᠠᠨ ᠤ ᠰᠡᠳᠬᠢᠯ ᠢ ᠪᠠᠶᠢᠴᠠᠭᠠᠨ ᠰᠤᠳᠤᠯᠬᠤ᠂ ᠠᠰᠠᠭᠤᠳᠠᠯ ᠢ ᠵᠠᠳᠠᠯᠬᠤ᠂ ᠰᠠᠨᠠᠭᠤᠯᠭ᠎ᠠ ᠳᠤᠷᠠᠳᠬᠤ ᠳᠡᠭᠡᠷ᠎ᠡ ᠬᠡᠷᠡᠭᠯᠡᠭᠦᠯᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠨᠢᠭᠡᠴᠢ᠂ ᠰᠠᠯᠠᠭ᠎ᠠ ᠮᠥᠴᠢᠷ ᠤᠳ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ᠳᠡᠮᠵᠢᠨ ᠬᠠᠮᠵᠢᠯᠴᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠭᠥᠯᠢᠶᠡᠨ ᠠᠪᠴᠤ᠂ ᠬᠤᠪᠢᠷᠠᠭᠤᠯᠵᠤ᠂ ᠰᠠᠶᠢᠲᠤᠷ ᠬᠡᠷᠡᠭᠯᠡᠵᠦ᠂ ︽ᠨᠠᠮ ᠤᠨ ᠬᠤᠷᠢᠶ᠎ᠠ ᠠᠴᠠ ᠰᠡᠳᠦᠪ ᠭᠠᠷᠭᠠᠬᠤ᠂ ᠨᠠᠮ ᠪᠦᠯᠦᠭ ᠤᠨ ᠪᠠᠶᠢᠴᠠᠭᠠᠨ ᠰᠤᠳᠤᠯᠤᠯᠲᠠ ᠬᠢᠬᠦ᠂ ᠵᠠᠰᠠᠭ ᠤᠨ ᠣᠷᠳᠣᠨ ᠠᠴᠠ ᠭᠥᠯᠢᠶᠡᠨ ᠠᠪᠬᠤ᠂ ᠰᠠᠯᠠᠭ᠎ᠠ ᠮᠥᠴᠢᠷ ᠠᠴᠠ ᠨᠠᠶᠢᠳᠠᠪᠤᠷᠢᠵᠢᠭᠤᠯᠬᠤ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ︾ ᠠᠵᠢᠯ ᠤᠨ ᠲᠣᠭᠲᠠᠴᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠢᠯᠡᠳᠬᠡᠪᠡ᠃      ᠲᠤᠭᠤᠷᠢᠭ ᠤᠨ ᠳᠥᠷᠪᠡᠨ ᠢᠵᠢ ᠪᠠᠭ ᠤᠨ ᠭᠤᠤᠯ ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠴᠢᠩᠱᠠᠨ ᠲᠣᠭᠤᠷᠢᠭ ᠤᠨ ᠶᠡᠷᠦᠩᠬᠡᠶ ᠡᠭᠦᠷ ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠲᠤᠭᠤᠷᠢᠭ ᠤᠨ ᠬᠤᠯᠪᠣᠭᠳᠠᠯ ᠪᠥᠬᠦᠶ  ᠨᠢᠭᠡᠴᠢ ᠵᠢᠴᠢ ᠪᠠᠶᠢᠴᠠᠭᠠᠨ ᠰᠤᠳᠤᠯᠬᠤ ᠰᠡᠳᠦᠪ ᠲᠤ ᠬᠤᠯᠪᠣᠭᠳᠠᠬᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号