ᠴᠢᠩ ᠹᠦ᠋ ᠪᠠᠯᠭᠠᠰᠤ᠄ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ ᠬᠦᠴᠦ ᠪᠠᠨ ᠬᠠᠮᠲᠤᠳᠬᠠᠨ ᠬᠤᠸᠠᠷ ᠴᠡᠴᠡᠭ ᠢᠶᠠᠷ ᠵᠠᠭᠤᠴᠢ ᠪᠣᠯᠭᠠᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ — ᠰᠡᠴᠢ ᠪᠤᠯᠤᠩ ᠲᠣᠰᠬᠤᠨ ᠤ ᠬᠤᠸᠠᠷ ᠴᠡᠴᠡᠭ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2025/1/16
      1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠨᠡᠷᠡᠨ ᠭᠡᠷᠡᠯ ᠰᠡᠴᠢ ᠪᠤᠯᠤᠩ ᠲᠣᠰᠬᠤᠨ ᠤ ᠥᠨᠴᠥᠭ ᠪᠤᠯᠤᠩ ᠪᠣᠯᠭᠠᠨ ᠢ ᠭᠡᠷᠡᠯᠲᠦᠭᠦᠯᠵᠦ᠂ ᠴᠡᠴᠡᠭ ᠤᠨ ᠨᠠᠶᠢᠷ ᠨᠢ ᠬᠦᠷ ᠬᠥᠭᠵᠢᠶᠡᠨ ᠲᠠᠢ ᠠᠭᠤᠷ ᠠᠮᠢᠰᠬᠤᠯ ᠤᠨ ᠳᠤᠮᠳᠠ ᠦᠪᠡᠳᠡᠭᠰᠢ ᠶᠡᠭᠡ ᠪᠠᠷ ᠡᠬᠢᠯᠡᠪᠡ᠃ ᠲᠣᠰᠬᠤᠨ ᠤ ᠠᠷᠠᠳ ᠶᠠᠩᠭᠠᠷ ᠪᠦᠵᠢᠭᠯᠡᠵᠦ᠂ ᠥᠩᠭᠡᠲᠦ ᠳᠤᠷᠳᠤᠩ ᠰᠠᠵᠢᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠳᠥᠷᠪᠡᠨ ᠲᠠᠯ᠎ᠠ ᠶᠢᠨ ᠵᠣᠴᠢᠳ ᠬᠤᠶᠢᠨ᠎ᠠ ᠬᠤᠶᠢᠨ᠎ᠠ ᠠᠴᠠ ᠪᠠᠨ ᠤᠷᠤᠯᠴᠠᠨ ᠢᠷᠡᠵᠦ᠂ ᠴᠡᠴᠡᠭᠯᠡᠨ ᠬᠥᠭᠵᠢᠭᠰᠡᠨ ᠦᠷ᠎ᠡ ᠪᠦᠲᠦᠭᠡᠯ ᠢ ᠮᠠᠭᠲᠠᠨ ᠰᠠᠶᠢᠰᠢᠶᠠᠪᠠ᠃ 1 ᠰᠠᠷ᠎ᠠ ᠶᠢᠨ 14 —23 ᠤ ᠡᠳᠦᠷ᠂ ᠡᠨᠡ ᠪᠤᠯ ᠰᠡᠴᠢ ᠪᠤᠯᠤᠩ ᠲᠣᠰᠬᠤᠨ  ᠤ ᠳᠤᠯᠠᠭᠠᠨ ᠡᠪᠦᠯ ᠲᠠᠢ ᠪᠣᠯᠵᠣᠬᠤ ᠴᠡᠴᠡᠭ ᠤᠨ ᠦᠪᠡᠳᠡᠭᠰᠢ ᠳᠠᠶᠢᠯᠠᠯᠭ᠎ᠠ ᠪᠤᠯᠤᠨ᠎ᠠ᠃      ᠴᠢᠩ ᠹᠦ᠋ ᠪᠠᠯᠭᠠᠰᠤᠨ ᠤ ᠰᠡᠴᠢ ᠪᠤᠯᠤᠩ ᠲᠣᠰᠬᠤᠨ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠡᠭᠦᠷ ᠠᠵᠤ ᠠᠬᠤᠶᠢᠯᠠᠯ ᠢ ᠲᠠᠶᠢᠴᠢᠯᠠᠨ ᠲᠠᠷᠢᠶᠠᠴᠢᠨ ᠡᠷᠦᠬᠡ ᠶᠢᠨ ᠬᠤᠷᠰᠢᠯᠴᠠᠭ᠎ᠠ ᠶᠢ ᠠᠬᠢᠭᠤᠯᠬᠤ︾ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠵᠠᠭᠪᠤᠷ ᠢᠶᠠᠷ ᠴᠡᠴᠡᠭ ᠢᠶᠠᠷ ᠵᠠᠭᠤᠴᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠠᠵᠤ ᠦᠢᠯᠡᠰ ᠤᠨ ᠬᠥᠭᠵᠢᠯᠲᠡ᠂ ᠰᠣᠶᠣᠯ ᠢ ᠬᠥᠭᠵᠢᠭᠦᠯᠦᠨ ᠮᠠᠨᠳᠤᠭᠤᠯᠬᠤ ᠵᠡᠷᠭᠡ ᠤᠷᠠᠨ ᠢᠶᠠᠷ ᠠᠭᠤᠰᠤᠯᠴᠠᠬᠤ ᠶᠢ ᠴᠢᠨᠠᠭᠰᠢᠳᠠ ᠴᠢᠩᠭᠠᠳᠬᠠᠵᠤ᠂ ᠲᠣᠰᠬᠤᠨ ᠤ ᠳᠣᠲᠣᠷᠠᠬᠢ ᠤᠨᠴᠠᠯᠢᠬᠳᠤ ᠠᠵᠤ ᠦᠢᠯᠡᠰ ᠢ ᠬᠦᠴᠦᠷᠬᠡᠭᠵᠢᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠲᠣᠰᠬᠤᠨ ᠤ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠨ᠎ᠡ᠃      ᠬᠤᠸᠠᠷ ᠴᠡᠴᠡᠭ ᠤᠨ ᠠᠵᠤ ᠦᠢᠯᠡᠰ ᠨᠢᠭᠡᠨᠲᠡ ᠰᠡᠴᠢ ᠪᠤᠯᠤᠩ ᠲᠣᠰᠬᠤᠨ ᠤ ᠲᠤᠯᠭᠠᠭᠤᠷᠢ ᠠᠵᠤ ᠦᠢᠯᠡᠰ ᠤᠨ ᠨᠢᠭᠡ ᠪᠣᠯᠵᠤ᠂ ︽ᠨᠠᠮ ᠤᠨ ᠡᠭᠦᠷ ᠠᠵᠤ ᠠᠬᠤᠶᠢᠯᠠᠯ ᠢ ᠳᠠᠶᠢᠴᠢᠯᠠᠨ ᠲᠠᠷᠢᠶᠠᠴᠢᠨ ᠡᠷᠦᠬᠡ ᠶᠢᠨ ᠬᠠᠷᠢᠯᠴᠠᠨ ᠬᠥᠳᠡᠯᠦᠯᠴᠡᠬᠦ ᠶᠢ ᠠᠬᠢᠭᠤᠯᠬᠤ︾ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠵᠠᠭᠪᠤᠷ ᠢᠶᠠᠷ ᠬᠤᠸᠠᠷ ᠴᠡᠴᠡᠭ ᠤᠨ ᠠᠵᠤ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠵᠦᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠡᠭᠦᠨ ᠠᠴᠠ ᠭᠠᠳᠠᠨ᠎ᠠ᠂ ᠡᠯ᠎ᠡ ᠲᠥᠷᠥᠯ ᠤᠨ ᠴᠡᠴᠡᠭ ᠡᠪᠡᠰᠦ ᠶᠢᠨ ᠬᠠᠮᠢᠶ᠎ᠠ ᠪᠦᠬᠦᠢ ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ ᠤᠷᠤᠰᠬᠠᠯ ᠢ ᠠᠬᠢᠭᠤᠯᠬᠤ᠂ ᠵᠢᠱᠢᠶᠡᠯᠡᠪᠡᠯ ᠬᠤᠸᠠᠷ ᠴᠡᠴᠡᠭ ᠤᠨ ᠦᠵᠡᠰᠭᠦᠯᠡᠩ᠂ ᠴᠡᠴᠡᠭ ᠤᠨ ᠤᠷᠠᠯᠢᠭ ᠤᠨ ᠤᠷᠤᠯᠳᠤᠭᠠᠨ᠂ ᠬᠤᠸᠠᠷ ᠴᠡᠴᠡᠭ ᠤᠨ ᠭᠤᠣᠯ ᠰᠡᠳᠦᠪᠲᠦ ᠨᠠᠶᠢᠷ ᠵᠡᠷᠭᠡ ᠠᠵᠢᠯᠯᠠᠭ᠎ᠠ ᠶᠢ ᠡᠷᠬᠢᠯᠡᠨ᠎ᠡ᠃ ᠴᠡᠴᠡᠭ ᠢᠶᠠᠷ ᠵᠠᠭᠤᠴᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠤᠯᠠᠨ ᠠᠮᠢᠵᠢᠷᠠᠯ ᠤᠨ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠤᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号