ᠴᠢᠩᠱᠠᠨ ᠲᠣᠭᠤᠷᠢᠭ 2024 ᠣᠨ ᠤ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/16
      2025 ᠤᠨ ᠤ 1 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ 2024 ᠣᠨ ᠤ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠥᠸᠧ ᠺᠧ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠪᠡ᠃ ᠠᠷᠠᠳᠴᠢᠯᠠᠯ ᠢᠶᠠᠷ ᠤᠯᠤᠰ ᠪᠠᠶᠢᠭᠤᠯᠬᠤ ᠬᠤᠷᠠᠯ ᠤᠨ ᠴᠢᠩᠱᠠᠨ ᠲᠣᠭᠤᠷᠢᠭ ᠤᠨ ᠶᠡᠷᠦᠩᠬᠡᠢ ᠡᠭᠦᠷ᠂ ︽9 · 3︾  ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠴᠢᠩᠱᠠᠨ ᠲᠣᠭᠤᠷᠢᠭ ᠤᠨ ᠬᠤᠷᠢᠶ᠎ᠠ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠵᠦ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠴᠢᠩᠱᠠᠨ ᠲᠣᠭᠤᠷᠢᠭ ᠤᠨ ᠶᠡᠷᠦᠩᠬᠡᠢ ᠡᠭᠦᠷ ᠤᠨ ᠬᠢᠨ ᠪᠢᠴᠢᠭ ᠤᠨ ᠬᠡᠯᠪᠡᠷᠢ ᠶᠢᠨ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠲᠤᠰᠢᠶᠠᠪᠠ᠃      ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠳ᠋ᠢᠩ ᠺᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠨᠤᠲᠠᠯᠠᠪᠠ᠃ ᠲᠡᠷᠡ᠂ ᠤᠯᠠᠨ ᠤ ᠪᠠᠶᠢᠴᠠᠭᠠᠨ ᠰᠤᠳᠤᠯᠤᠯᠲᠠ ᠶᠢᠨ ᠰᠡᠳᠦᠪ ᠰᠣᠩᠭᠤᠬᠤ ᠵᠣᠭᠰᠣᠴᠠ ᠥᠨᠳᠥᠷ᠂ ᠪᠠᠶᠢᠴᠠᠭᠠᠨ ᠰᠤᠳᠤᠯᠤᠯᠲᠠ ᠪᠣᠳᠠᠲᠠᠢ᠂ ᠠᠷᠭᠠᠴᠠᠭᠠᠬᠤ ᠪᠤᠳᠤᠯᠭ᠎ᠠ ᠰᠠᠨᠠᠭᠤᠯᠭ᠎ᠠ ᠨᠢ ᠣᠨᠣᠪᠴᠢᠲᠠᠶ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠨᠡᠩ ᠥᠨᠳᠥᠷ ᠪᠠᠶᠢᠨ᠎ᠠ᠃ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠲᠦᠷᠦᠭᠦᠯᠡᠨ ᠰᠠᠶᠢᠲᠤᠷ ᠬᠢᠵᠦ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠶᠢ ᠪᠣᠳᠠᠲᠠᠶ ᠠᠷᠭ᠎ᠠ ᠬᠡᠮᠵᠢᠶ᠎ᠡ ᠪᠣᠯᠭᠠᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ᠂ ᠬᠥᠭᠵᠢᠯᠲᠡ ᠶᠢᠨ ᠳᠤᠮᠳᠠᠬᠢ ᠨᠢᠭᠡ ᠲᠥᠷᠥᠯ ᠤᠨ ᠲᠦᠭᠵᠢᠷᠡᠯ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ ᠭᠡᠵᠦ ᠢᠯᠡᠳᠭᠡᠪᠡ᠃      ᠳ᠋ᠢᠩ ᠺᠠᠶ᠂ ᠡᠨᠡ ᠵᠢᠯ ᠠᠴᠠ ᠨᠠᠭᠠᠰᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠦᠢᠯᠡᠰ ᠤᠨ ᠬᠥᠭᠵᠢᠯᠲᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠵᠡᠷᠭᠡ ᠠᠵᠢᠯ ᠤᠨ ᠶᠠᠪᠤᠴᠠ ᠳᠤ ᠠᠷᠭ᠎ᠠ ᠤᠬᠠᠭᠠᠨ ᠭᠠᠷᠭᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠥᠨᠳᠥᠷ ᠬᠢᠷᠢ ᠲᠦᠪᠰᠢᠨ ᠢ ᠢᠯᠡᠷᠡᠭᠦᠯᠵᠦ᠂ ᠴᠢᠩᠱᠠᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠵᠤ᠂ ᠬᠠᠷᠢᠭᠤᠴᠠᠯᠭ᠎ᠠ ᠪᠣᠯᠤᠨ ᠬᠠᠶᠢᠷ᠎ᠠ ᠰᠡᠳᠬᠢᠯᠭᠡ ᠶᠢ ᠢᠯᠡᠷᠡᠭᠦᠯᠪᠡ ᠭᠡᠵᠦ ᠵᠢᠭᠠᠨ ᠭᠠᠷᠭᠠᠪᠠ᠃      ᠳ᠋ᠢᠩ ᠺᠠᠶ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠶᠢ ᠪᠡᠶᠡᠯᠡᠭᠦᠯᠬᠦ ᠨᠢ ᠡᠯ᠎ᠡ ᠠᠵᠢᠯ ᠲᠦᠷᠦᠯ ᠤᠨ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠢ ᠪᠠᠭᠲᠠᠭᠠᠭᠰᠠᠨ ᠨᠡᠶᠢᠭᠡᠮ ᠤᠨ ᠡᠯ᠎ᠡ ᠡᠲᠡᠭᠡᠳ ᠤᠨ ᠪᠦᠯᠬᠦᠮᠳᠡᠯ ᠪᠠ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠤᠯᠠᠨ ᠢᠶᠠᠷ ᠢᠶᠠᠨ ᠬᠠᠮᠲᠤᠷᠠᠯᠴᠠᠭᠠᠨ ᠤ ᠤᠭ ᠰᠠᠨᠠᠭ᠎ᠠ ᠪᠠᠨ ᠪᠠᠲᠤ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠦᠵᠡᠯ ᠰᠠᠨᠠᠭ᠎ᠠ ᠤᠯᠤᠰ ᠲᠦᠷᠦ ᠶᠢᠨ ᠬᠦᠳᠦᠯᠦᠨ ᠳᠠᠭᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠢᠮᠠᠭᠲᠠ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠪᠦᠬᠦ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠶᠡᠭᠡ ᠪᠦᠯᠬᠦᠮᠳᠡᠯ᠂ ᠶᠡᠭᠡ ᠬᠤᠯᠪᠣᠭᠠᠯᠠᠯ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ︽ᠬᠤᠶᠠᠷ ᠶᠡᠭᠡ ᠶᠠᠪᠤᠳᠠᠯ︾ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠲᠤᠰ ᠲᠤᠰ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠠᠶᠢᠴᠠᠭᠠᠨ ᠰᠤᠳᠤᠯᠬᠤ ᠡᠷᠴᠢᠮ᠂ ᠥᠷᠭᠡᠴᠡ᠂ ᠭᠦᠨᠴᠡ ᠪᠠᠨ ᠴᠢᠩᠭᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠦᠬᠦ ᠲᠠᠯ᠎ᠠ ᠪᠠᠷ ᠤᠯᠠᠨ ᠠᠷᠭ᠎ᠠ ᠵᠠᠮ ᠢᠶᠠᠷ ᠣᠶᠢᠯᠠᠭᠠᠵᠤ᠂ ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠠᠷᠭᠠᠴᠠᠬᠤ ᠪᠤᠳᠤᠯᠭ᠎ᠠ ᠰᠠᠨᠠᠭᠤᠯᠭ᠎ᠠ ᠳᠤᠷᠠᠳᠴᠤ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠪᠦᠲᠦᠮᠵᠢᠲᠡᠢ ᠠᠷᠭ᠎ᠠ ᠪᠤᠳᠤᠯᠭ᠎ᠠ ᠬᠡᠷᠡᠭᠵᠢᠭᠦᠯᠬᠦ ᠳᠤ ᠨᠡᠩ ᠤᠯᠠᠨ ᠠᠰᠢᠭᠲᠠᠢ ᠯᠠᠪᠯᠠᠯᠲᠠ ᠬᠠᠩᠭᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠰᠡᠳᠦᠪ ᠰᠣᠩᠭᠤᠬᠤ ᠨᠠᠷᠢᠯᠢᠭ ᠤᠨ ᠬᠡᠮᠵᠢᠶ᠎ᠡ᠂ ᠪᠠᠶᠢᠴᠠᠭᠠᠨ ᠰᠤᠳᠤᠯᠤᠯᠲᠠ ᠶᠢᠨ ᠭᠦᠨᠴᠡ ᠶᠢ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠭᠤᠣᠯ ᠠᠵᠢᠯ ᠤᠨ ᠭᠤᠣᠯᠳᠠᠯᠭ᠎ᠠ ᠲᠠᠢ ᠡᠭᠦᠷᠭᠡ ᠵᠢᠴᠢ ᠬᠥᠭᠵᠢᠯᠲᠡ ᠶᠢᠨ ᠳᠤᠮᠳᠠᠬᠢ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠤᠨ ᠲᠣᠭᠤᠷᠢᠨ ᠳᠤ᠂ ᠶᠠᠭᠤ ᠬᠢᠪᠡᠯ ᠵᠣᠬᠢᠬᠤ ᠲᠤᠬᠠᠢ ᠳᠤᠷᠠᠳᠴᠤ᠂ ᠪᠣᠳᠠᠲᠠᠢ ᠶᠠᠭᠠᠬᠢᠵᠤ ᠬᠢᠬᠦ ᠶᠢ ᠰᠤᠳᠤᠯᠵᠤ᠂ ᠠᠷᠭᠠᠴᠠᠬᠤ ᠪᠤᠳᠤᠯᠭ᠎ᠠ ᠰᠠᠨᠠᠭᠤᠯᠭ᠎ᠠ ᠶᠢ ᠨᠡᠩ ᠪᠣᠳᠠᠲᠠᠢ᠂ ᠨᠡᠩ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠳ᠋ᠢᠩ ᠺᠠᠶ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠲᠠᠢ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠣᠯᠠᠨ ᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠳᠤ ᠲᠠᠪᠴᠠᠩ ᠪᠠᠶᠢᠭᠤᠯᠤᠨ ᠪᠠᠲᠤᠯᠠᠭ᠎ᠠ ᠬᠠᠩᠭᠠᠵᠤ᠂ ᠦᠢᠯᠡᠴᠢᠯᠡᠭᠡ ᠶᠢ ᠰᠠᠶᠢᠲᠤᠷ ᠬᠢᠵᠦ᠂ ᠣᠯᠠᠨ ᠤ ᠰᠡᠳᠬᠢᠯ ᠢ ᠪᠠᠶᠢᠴᠠᠭᠠᠨ ᠰᠤᠳᠤᠯᠬᠤ᠂ ᠠᠰᠠᠭᠤᠳᠠᠯ ᠢ ᠵᠠᠳᠠᠯᠬᠤ᠂ ᠰᠠᠨᠠᠭᠤᠯᠭ᠎ᠠ ᠳᠤᠷᠠᠳᠬᠤ ᠳᠡᠭᠡᠷ᠎ᠡ ᠬᠡᠷᠡᠭᠯᠡᠭᠦᠯᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠨᠢᠭᠡᠴᠢ᠂ ᠰᠠᠯᠠᠭ᠎ᠠ ᠮᠥᠴᠢᠷ ᠤᠳ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ᠳᠡᠮᠵᠢᠨ ᠬᠠᠮᠵᠢᠯᠴᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠭᠥᠯᠢᠶᠡᠨ ᠠᠪᠴᠤ᠂ ᠬᠤᠪᠢᠷᠠᠭᠤᠯᠵᠤ᠂ ᠰᠠᠶᠢᠲᠤᠷ ᠬᠡᠷᠡᠭᠯᠡᠵᠦ᠂ ︽ᠨᠠᠮ ᠤᠨ ᠬᠤᠷᠢᠶ᠎ᠠ ᠠᠴᠠ ᠰᠡᠳᠦᠪ ᠭᠠᠷᠭᠠᠬᠤ᠂ ᠨᠠᠮ ᠪᠦᠯᠦᠭ ᠤᠨ ᠪᠠᠶᠢᠴᠠᠭᠠᠨ ᠰᠤᠳᠤᠯᠤᠯᠲᠠ ᠬᠢᠬᠦ᠂ ᠵᠠᠰᠠᠭ ᠤᠨ ᠣᠷᠳᠣᠨ ᠠᠴᠠ ᠭᠥᠯᠢᠶᠡᠨ ᠠᠪᠬᠤ᠂ ᠰᠠᠯᠠᠭ᠎ᠠ ᠮᠥᠴᠢᠷ ᠠᠴᠠ ᠨᠠᠶᠢᠳᠠᠪᠤᠷᠢᠵᠢᠭᠤᠯᠬᠤ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ︾ ᠠᠵᠢᠯ ᠤᠨ ᠲᠣᠭᠲᠠᠴᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠢᠯᠡᠳᠬᠡᠪᠡ᠃      ᠲᠤᠭᠤᠷᠢᠭ ᠤᠨ ᠳᠥᠷᠪᠡᠨ ᠢᠵᠢ ᠪᠠᠭ ᠤᠨ ᠭᠤᠤᠯ ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠴᠢᠩᠱᠠᠨ ᠲᠣᠭᠤᠷᠢᠭ ᠤᠨ ᠶᠡᠷᠦᠩᠬᠡᠶ ᠡᠭᠦᠷ ᠤᠨ ᠡᠷᠬᠢᠯᠡᠭᠴᠢ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠲᠤᠭᠤᠷᠢᠭ ᠤᠨ ᠬᠤᠯᠪᠣᠭᠳᠠᠯ ᠪᠥᠬᠦᠶ  ᠨᠢᠭᠡᠴᠢ ᠵᠢᠴᠢ ᠪᠠᠶᠢᠴᠠᠭᠠᠨ ᠰᠤᠳᠤᠯᠬᠤ ᠰᠡᠳᠦᠪ ᠲᠤ ᠬᠤᠯᠪᠣᠭᠳᠠᠬᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号