ᠨᠢᠭᠡ ᠳᠤ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠪᠥᠬᠦ ᠲᠠᠯ᠎ᠠ ᠪᠠᠷ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠭᠦᠢᠴᠡᠳ | ᠠᠰᠢᠭᠯᠠᠨ᠂ ᠡᠭᠴᠡ ᠪᠠᠶᠢᠭᠤᠯᠤᠭᠰᠠᠨ ᠰᠢᠰᠲ᠋ᠧᠮ ᠢ ᠵᠣᠬᠢᠴᠠᠭᠤᠯᠤᠨ ᠬᠡᠷᠡᠭᠯᠡᠭᠰᠡᠨ ᠡᠯ᠎ᠡ ᠰᠠᠯᠠᠭ᠎ᠠ ᠮᠥᠴᠢᠷ ᠤᠳ | ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ | ᠰᠢᠰᠲ᠋ᠧᠮ ᠢ ᠠᠯᠬᠤᠮ ᠠᠯᠬᠤᠮ ᠢᠶᠠᠷ ᠬᠡᠷᠡᠭᠯᠡᠵᠦ᠂ ᠠᠵᠢᠯ ᠲᠥᠷᠥᠯ ᠤᠨ ᠰᠢᠰᠲ᠋ᠧᠮ ᠥᠬᠡᠶ ᠰᠠᠯᠠᠭ᠎ᠠ ᠮᠥᠴᠢᠷ ᠢ | ᠪᠤᠭᠤᠲᠤ ᠬᠤᠲᠠ ᠶᠢᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠠᠯᠬᠤᠮ ᠠᠯᠬᠤᠮ ᠢᠶᠠᠷ ᠬᠡᠷᠡᠭᠯᠡᠭᠦᠯᠦᠨ᠎ᠡ᠃ ᠪᠥᠬᠦ ᠲᠤᠭᠤᠷᠢᠭ ᠤᠨ 32 ᠨᠢᠭᠡᠴᠢ ᠪᠠ | 10 ᠵᠡᠭᠡᠯᠢ ᠪᠠᠯᠭᠠᠰᠤ ᠵᠢᠴᠢ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠨᠢᠭᠡ ᠴᠣᠭᠴᠠᠵᠢᠭᠰᠠᠨ ᠲᠠᠪᠴᠠᠩ ᠢᠶᠠᠷ | ᠳᠠᠮᠵᠢᠭᠤᠯᠤᠨ ᠭᠥᠯᠢᠶᠡᠨ ᠠᠪᠴᠤ ᠰᠢᠢᠤᠡᠪᠤᠷᠢᠯᠡᠵᠤ᠂ ᠶᠡᠷᠦᠩᠬᠡᠶᠢᠯᠡᠭᠰᠡᠨ ᠴᠣᠩᠬᠤᠨ ᠤ ᠠᠵᠢᠯᠲᠠᠨ ᠴᠤ ᠥᠪᠡᠷᠲᠡᠭᠡᠨ | ᠵᠠᠰᠠᠬᠤ ᠣᠷᠣᠨ ᠤ ᠶᠡᠷᠦᠩᠬᠡᠶᠢᠯᠡᠭᠰᠡᠨ ᠴᠣᠩᠬᠤᠨ ᠤ ᠰᠢᠰᠲ᠋ᠧᠮ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠢ | ᠭᠥᠯᠢᠶᠡᠨ ᠠᠪᠴᠤ ᠰᠢᠢᠤᠡᠪᠤᠷᠢᠯᠡᠵᠤ ᠪᠣᠯᠤᠨ᠎ᠠ᠃ ᠨᠡᠶᠢᠲᠡ 10764 ᠬᠤᠪᠢ ᠶᠢ ᠨᠢ ᠴᠤᠭᠯᠠᠭᠤᠯᠤᠨ ᠰᠢᠢᠳᠪᠦᠷᠢᠯᠡᠵᠦ | ᠳᠠᠭᠤᠰᠬᠠᠭᠠᠳ᠂ ᠨᠢᠭᠡᠨᠲᠡ ᠪᠦᠬᠦᠨ ᠢ ᠬᠦᠢᠴᠡᠳᠬᠡᠵᠦ᠂ ᠴᠠᠭ ᠤᠨ ᠬᠢᠵᠠᠭᠠᠷ ᠤᠨ ᠳᠣᠲᠣᠷ᠎ᠠ ᠬᠦᠢᠴᠡᠳᠬᠡᠵᠦ | ᠳᠠᠭᠤᠰᠬᠠᠭᠰᠠᠨ ᠨᠣᠷᠮ᠎ᠠ ᠨᠢ 100% ᠳᠤ ᠬᠦᠷᠴᠡᠶ᠃ | ᠬᠤᠶᠠᠷ ᠲᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠴᠢᠳᠠᠪᠤᠷᠢ ᠶᠢᠨ ᠪᠠᠶᠢᠭᠤᠯᠤᠯᠲᠠ ᠶᠢ | ᠭᠦᠨᠵᠡᠭᠡᠶ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠪᠥᠬᠦ ᠲᠤᠭᠤᠷᠢᠭ ᠤᠨ 44 | ᠰᠠᠯᠠᠭ᠎ᠠ ᠮᠥᠴᠢᠷ ᠪᠠ ᠵᠡᠭᠡᠯᠢ ᠪᠠᠯᠭᠠᠰᠤ ᠶᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠲᠤᠭᠤᠷᠢᠭ ᠲᠤ ᠭᠤᠶᠤᠴᠢᠯᠠᠭᠰᠠᠨ ᠲᠤᠯᠤᠭᠠᠨ | ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠦᠢᠯᠡᠰ ᠢ ᠬᠡᠷᠡᠭᠵᠢᠭᠦᠯᠬᠦ ᠨᠠᠷᠢᠨ ᠲᠠᠩᠰᠠ ᠶᠢ 1353 ᠵᠦᠢᠯ | ᠭᠥᠯᠢᠶᠡᠨ ᠠᠪᠴᠤ ᠨᠡᠶᠢᠲᠡᠯᠡᠪᠡ᠂ ᠲᠤᠬᠠᠶᠢᠯᠠᠪᠠᠯ ᠭᠦᠢᠴᠡᠳᠭᠡᠬᠦ ᠵᠦᠢᠯ ᠤᠨ ᠬᠠᠷᠢᠴᠠᠯ ᠤᠨ ᠨᠣᠷᠮ᠎ᠠ ᠨᠢ 85.22% | ᠪᠠᠶᠢᠵᠤ᠂ ᠠᠮᠠᠯᠠᠭᠰᠠᠨ ᠴᠠᠭ ᠤᠨ ᠬᠢᠵᠠᠭᠠᠷ ᠤᠨ ᠬᠠᠷᠢᠴᠠᠯ ᠨᠢ 84.24% ᠪᠠᠶᠢᠵᠤ᠂ ᠬᠠᠮᠤᠭ ᠣᠯᠠᠨ ᠳᠠᠭᠠᠨ ᠨᠢᠭᠡ | ᠯᠡ ᠤᠳᠠᠭ᠎ᠠ ᠳᠤ ᠬᠦᠷᠬᠦ ᠬᠠᠷᠢᠴᠠᠯ ᠤᠨ ᠨᠣᠷᠮ᠎ᠠ ᠨᠢ 100% ᠪᠠᠶᠢᠵᠤ᠂ ᠮᠠᠲ᠋ᠧᠷᠢᠶᠠᠯ ᠤᠨ ᠬᠤᠯᠪᠣᠭᠳᠠᠯ ᠪᠥᠬᠦᠶ | ᠡᠯᠧᠺᠲᠷᠤᠨ ᠦᠨᠡᠮᠯᠡᠯ ᠤᠨ ᠵᠦᠢᠯᠡᠰ ᠤᠨ ᠲᠤᠭ᠎ᠠ ᠨᠢ 1013 ᠵᠦᠢᠯ ᠪᠠᠶᠢᠵᠤ᠂ ᠪᠥᠬᠦ ᠶᠠᠪᠤᠴᠠ ᠶᠢ ᠰᠦᠯᠵᠢᠶ᠎ᠡ ᠪᠠᠷ | ᠭᠦᠢᠴᠡᠳᠭᠡᠬᠦ ︵Ⅳ ᠲᠠᠰ︶ ᠶᠢᠨ ᠬᠠᠷᠢᠴᠠᠯ ᠤᠨ ᠨᠣᠷᠮ᠎ᠠ ᠨᠢ 92.17% ᠪᠣᠯᠤᠨ᠎ᠠ᠃ | ᠭᠤᠷᠪᠠ ᠳᠤ᠂ ᠡᠯᠧᠺᠲᠷᠤᠨ ᠭᠡᠷᠡᠴᠢ ᠦᠨᠡᠮᠯᠡᠯ ᠢᠪᠥ᠋ᠭᠡᠮ ᠢᠶᠠᠷ ᠴᠤᠭᠯᠠᠭᠤᠯᠤᠨ᠎ᠠ᠃ ᠪᠤᠭᠤᠲᠤ ᠬᠤᠲᠠ ᠲᠠᠢ | ᠬᠠᠮᠵᠢᠯᠴᠠᠨ ᠲᠣᠭᠠᠴᠢᠯᠠᠭᠰᠠᠨ ᠪᠡᠶ᠎ᠡ ᠭᠠᠷᠤᠯ ᠤᠨ ᠨᠢᠭᠡᠳᠦᠯᠲᠡᠶ ᠭᠡᠷᠡᠴᠢᠯᠡᠯ ᠪᠠ ᠡᠯᠧᠺᠲᠷᠤᠨ ᠦᠨᠡᠮᠯᠡᠯ᠂ ᠡᠯᠧᠺᠲᠷᠤᠨ | ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠠᠵᠢᠯ ᠢ ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ | ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠴᠤᠪᠤᠷᠠᠯ ᠢ ᠰᠢᠯᠢᠳᠡᠭᠵᠢᠭᠦᠯᠬᠦ ᠪᠠ ᠲᠤᠬᠠᠶᠢᠯᠠᠭᠰᠠᠨ ᠠᠵᠢᠯ ᠤᠨ | ᠬᠠᠮᠵᠢᠯᠴᠠᠭ᠎ᠠ ᠶᠢ ᠠᠬᠢᠭᠤᠯᠤᠨ᠎ᠠ᠃ ᠣᠳᠣᠬᠠᠨ ᠳᠤ᠂ ᠮᠠᠨ ᠤ ᠲᠤᠭᠤᠷᠢᠭ ᠨᠡᠶᠢᠲᠡ 66 ᠲᠦᠷᠦᠯ ᠡᠯᠧᠺᠲᠷᠤᠨ | ᠦᠨᠡᠮᠯᠡᠯ ᠢ ᠳᠠᠭᠠᠭᠠᠨ ᠠᠪᠴᠤ᠂ 381541 ᠵᠦᠢᠯ ᠤᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ | ᠬᠤᠷᠠᠮᠳᠤᠭᠤᠯᠵᠤ᠂ ᠡᠭᠦᠨ ᠳᠤ 380768 ᠵᠦᠢᠯ ᠨᠢ ᠨᠢᠭᠡᠨᠲᠡ ᠭᠠᠷ ᠤᠨ ᠥᠰᠥᠭ ᠵᠢᠷᠤᠵᠤ ᠲᠠᠮᠠᠭ᠎ᠠ ᠳᠠᠷᠤᠵᠤ᠂ | ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ 99.8% ᠳᠤ ᠬᠦᠷᠴᠦ᠂ ᠲᠠᠷᠠᠭᠠᠴᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠵᠢᠴᠢ ᠮᠠᠲ᠋ᠧᠷᠢᠶᠠᠯ ᠢ ᠴᠣᠮᠬᠠᠳᠬᠠᠬᠤ ᠳᠤ ᠲᠤᠭ᠎ᠠ ᠪᠠᠷᠢᠮᠲᠠ ᠶᠢᠨ ᠰᠠᠭᠤᠷᠢ ᠶᠢ | ᠲᠠᠯᠪᠢᠵᠤ ᠥᠭᠴᠡᠶ᠃ | | | | | | |