ᠳ᠋ᠢᠩ ᠺᠠᠶ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2025/1/17
      1 ᠰᠠᠷ᠎ᠠ ᠶᠢᠨ 16᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃      ᠳ᠋ᠢᠩ ᠺᠠᠶ ᠨᠠᠷ ᠤᠷᠢᠳ ᠬᠤᠵᠢᠳ ᠬᠠᠩ ᠰᠢᠶᠤᠤ ᠪᠤᠯᠤᠳ ᠪᠦᠲᠦᠴᠡ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠵᠥᠩ ᠷᠠᠨ ᠪᠠᠶ ᠵᠢᠶᠠᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ  ᠴᠢᠩᠱᠠᠨ ᠨᠥᠭᠡᠴᠡᠯᠡᠬᠦ ᠥᠷᠲᠡᠭᠡ᠂ ᠸᠠᠩ ᠯᠦᠩ ᠬᠤᠳᠠᠯᠳᠤᠭᠠᠨ ᠤ ᠲᠠᠯᠠᠪᠠᠶ᠂ ᠴᠢᠩᠱᠠᠨ ᠸᠠᠨ ᠳ᠋ᠠ ᠺᠢᠨᠣ᠋ ᠵᠡᠷᠭᠡ ᠭᠠᠵᠠᠷ ᠲᠤ ᠬᠦᠷᠴᠦ᠂ ᠠᠶᠤᠯᠭᠦᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠵᠡᠷᠭᠡ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠳ᠋ᠢᠩ ᠺᠠᠶ᠂ ᠣᠳᠣᠬᠠᠨ ᠳᠤ ᠶᠠᠭ ᠰᠢᠨ᠎ᠡ ᠵᠢᠯ ᠤᠨ ᠡᠬᠢᠨ ᠳᠤ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠦᠨᠡᠨ ᠬᠦ ᠴᠢᠩᠭᠠᠯᠠᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠣᠳᠣᠯ ᠢ ᠡᠷᠡᠰ ᠲᠡᠪᠴᠢᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠣᠷᠣᠨ ᠪᠠᠶᠢᠷᠢ ᠶᠢ ᠳᠣᠪᠤᠶᠢᠯᠭᠠᠨ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠭᠤᠯᠤᠯ᠂ ᠲᠤᠬᠠᠶ ᠶᠢᠨ ᠲᠠᠯᠠᠪᠤᠷ ᠤᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠨᠠᠷᠢᠯᠢᠬᠵᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠶ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠦᠨᠡᠨᠬᠦ ᠪᠣᠶ ᠪᠣᠯᠭᠠᠬᠤ ᠬᠡᠷᠡᠭᠲᠡᠶ᠃ ︽ᠬᠤᠯᠢᠰᠢᠨ ᠢᠳᠡᠭᠡᠨ︾᠂ ︽ᠵᠢᠮᠢᠰ ᠤᠨ ᠲᠠᠪᠠᠭ︾᠂ ︽ᠬᠦᠨᠡᠰᠦᠨ ᠤ ᠤᠭᠤᠲᠠ︾᠎ ᠶᠢ ᠦᠨᠡᠨ ᠬᠦ ᠰᠠᠶᠢᠲᠤᠷ ᠰᠠᠬᠢᠨ ᠬᠠᠮᠠᠭᠠᠯᠠᠵᠤ᠂ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠷᠠᠳ ᠣᠯᠠᠨ ᠤ ᠪᠠᠶᠠᠷ ᠬᠥᠷ ᠲᠠᠢ᠂ ᠡᠶ᠎ᠡ ᠨᠠᠶᠢᠷᠠᠮᠳᠠᠭᠤ᠂ ᠠᠮᠤᠷ ᠠᠮᠤᠭᠤᠯᠠᠩ ᠴᠠᠭᠠᠨ ᠰᠠᠷ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠲᠣᠭᠤᠷᠢᠭ ᠤᠨ ᠤᠳᠤᠷᠢᠳᠤᠯᠭ᠎ᠠ ᠵᠠᠩ ᠴᠢᠶᠠᠩ᠂ ᠵᠤᠤ ᠵᠢᠶᠠᠨ ᠭᠠᠩ᠂ ᠵᠠᠩ ᠵᠢᠶᠠᠨ᠂ ᠵᠠᠩ ᠶᠢᠩ ᠵᠢᠶᠧ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号