ᠴᠢᠩᠱᠠᠨ ᠲᠣᠭᠤᠷᠢᠭ ᠤᠨ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠢᠯᠠᠯ ᠤᠨ ︽ᠡᠮ ᠤᠨ | ᠵᠦᠢᠯ ᠤᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ︾ ᠰᠣᠯᠢᠬᠤ ᠠᠵᠢᠯ ᠢ ᠦᠨᠡᠨᠬᠦ ᠰᠠᠢᠲᠤᠷ ᠬᠢᠵᠦ᠂ ᠡᠮ ᠤᠨ | ᠵᠦᠢᠯ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠤᠰᠠᠳᠠ᠂ ᠴᠢᠩᠱᠠᠨ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠭᠤᠲᠤ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠪᠠ ᠲᠣᠮᠢᠯᠠᠭᠰᠠᠨ | ᠶᠣᠰᠣᠭᠠᠷ᠂ ᠴᠢᠩᠱᠠᠨ ᠲᠣᠭᠤᠷᠢᠭ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠦᠨᠡᠮᠯᠡᠯ ᠰᠣᠯᠢᠬᠤ ᠠᠵᠢᠯ ᠢ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠨᠢᠭᠡ ᠳᠤ᠂ ᠪᠣᠭᠤᠮᠲᠠ ᠶᠢ ᠴᠢᠩᠭ᠎ᠠ ᠠᠳᠬᠤᠵᠤ᠂ ᠨᠠᠷᠢᠨ ᠬᠢᠨᠠᠮᠠᠭᠠᠶ ᠬᠢᠨᠠᠨ ᠪᠠᠶᠢᠴᠠᠭᠠᠨ᠎ᠠ᠃ ᠴᠢᠩᠱᠠᠨ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠡᠮ ᠤᠨ ᠵᠦᠢᠯ ᠤᠨ | ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠭᠤᠯᠤᠯᠲᠠ ᠶᠢᠨ ᠲᠤᠬᠠᠶ ᠶᠢᠨ ᠲᠠᠯᠠᠪᠤᠷ ᠤᠨ | ᠵᠢᠯᠣᠭᠤᠳᠬᠤ ᠵᠠᠷᠴᠢᠮ︾ ᠵᠢᠴᠢ ︽ᠪᠤᠭᠤᠲᠤ ᠬᠤᠲᠠ ᠶᠢᠨ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ | ᠠᠬᠤᠶᠢᠯᠠᠯ ᠡᠷᠭᠢᠯᠡᠭᠰᠡᠨ / ᠰᠢᠨ᠎ᠡ ᠪᠠᠷ ᠬᠢᠨᠠᠨ ᠪᠠᠶᠢᠴᠠᠭᠠᠵᠤ ᠦᠨᠡᠮᠯᠡᠯ ᠣᠯᠭᠤᠬᠤ / ᠡᠵᠡᠩᠨᠡᠯᠲᠡ ᠶᠢᠨ ᠠᠷᠭ᠎ᠠ | ᠮᠠᠶ᠋ᠢᠭ ᠢᠶᠠᠨ ᠬᠤᠪᠢᠷᠠᠭᠤᠯᠬᠤ ᠲᠤᠬᠠᠶ ᠶᠢᠨ ᠲᠠᠯᠠᠪᠤᠷ ᠤᠨ ᠪᠠᠶᠢᠴᠠᠭᠠᠵᠤ ᠰᠢᠯᠭᠠᠨ ᠠᠪᠬᠤ ᠬᠦᠰᠦᠨᠦᠭᠲᠦ︾ ᠶᠣᠰᠣᠭᠠᠷ᠂ | ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠠᠵᠢᠯᠲᠠᠨ ᠤ ᠬᠢᠷᠢ ᠬᠡᠮ᠂ ᠪᠡᠯᠡᠳᠬᠡᠮᠵᠢ | ᠲᠥᠬᠦᠭᠡᠷᠦᠮᠵᠢ᠂ ᠪᠣᠷᠣᠯᠠᠭᠤᠯᠬᠤ ᠳᠡᠯᠭᠡᠨ ᠦᠵᠡᠭᠦᠯᠬᠦ᠂ ᠲᠦᠷᠢᠮ ᠤᠨ ᠬᠠᠮᠢᠶᠠᠷᠤᠯᠲᠠ᠂ ᠺᠣᠮᠫᠢᠦ᠋ᠲ᠋ᠧᠷ ᠤᠨ ᠰᠢᠰᠲ᠋ᠧᠮ | ᠵᠡᠷᠭᠡ ᠣᠯᠠᠨ ᠲᠠᠯ᠎ᠠ ᠪᠠᠷ ᠲᠤᠬᠠᠶ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠶᠢ ᠥᠷᠨᠢᠭᠦᠯᠪᠡ᠃ ᠡᠭᠦᠨ ᠤ ᠬᠠᠮᠲᠤ | ᠦᠨᠡᠮᠯᠡᠯ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠠᠵᠢᠯ ᠡᠷᠭᠢᠯᠡᠬᠦ ᠡᠮ ᠨᠠᠶᠢᠷᠠᠭᠴᠢ ᠶᠢᠨ ᠠᠵᠢᠯ ᠤᠨ ᠪᠠᠶᠢᠷᠢ ᠳᠤ | ᠪᠠᠶᠢᠭ᠎ᠠ ᠨᠣᠷᠮ᠎ᠠ ᠵᠢᠴᠢ ᠵᠣᠷ ᠤᠨ ᠡᠮ ᠤᠨ ᠪᠣᠷᠣᠯᠠᠭᠤᠯᠭ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ | ᠬᠠᠷᠢᠶᠠᠲᠤ ᠣᠷᠣᠨ ᠤ ᠳᠣᠲᠣᠷᠠᠬᠢ ᠠᠵᠢᠯ ᠡᠷᠭᠢᠯᠡᠬᠦ ᠡᠮ ᠨᠠᠶᠢᠷᠠᠭᠴᠢ ᠲᠣᠬᠢᠷᠠᠭᠤᠯᠤᠭᠰᠠᠨ ᠪᠠᠶᠢᠳᠠᠯ ᠢ ᠭᠦᠨᠵᠡᠭᠡᠶ | ᠣᠶᠢᠯᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠪᠠ᠃ | ᠡᠮ ᠤᠨ ᠵᠦᠢᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠨᠢ ᠵᠢᠷᠤᠮᠵᠢᠭᠤᠨ ᠪᠤᠰᠤ᠂ ᠡᠩ ᠤᠨ | ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠴᠠᠭ | ᠲᠤᠬᠠᠶ ᠳᠤᠨᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠢᠯᠡᠴᠢᠯᠡᠭᠡ ᠪᠠᠨ ᠴᠢᠩᠭᠠᠳᠬᠠᠨ᠎ᠠ᠃ | ᠪᠠᠶᠢᠴᠠᠭᠠᠯᠲᠠ ᠪᠠᠷ ᠤᠬᠠᠭᠤᠯᠭ᠎ᠠ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠢᠶ᠎ᠠ ᠪᠥᠬᠦᠶ ᠠᠵᠢᠯ | ᠡᠷᠭᠢᠯᠡᠭᠰᠡᠳ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠬᠤ ᠶᠢ ᠴᠢᠩᠭᠠᠳᠬᠠᠵᠤ᠂ | ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠭᠦᠷᠭᠡ ᠬᠠᠷᠢᠭᠤᠴᠠᠯᠭ᠎ᠠ᠂ ᠠᠵᠢᠯᠲᠠᠨ ᠤ ᠬᠠᠮᠢᠶᠠᠷᠤᠯᠲᠠ᠂ ᠪᠢᠴᠢᠭ | ᠮᠠᠲ᠋ᠧᠷᠢᠶᠠᠯ᠂ ᠪᠡᠯᠡᠳᠬᠡᠮᠵᠢ ᠬᠢᠭᠡᠳ ᠲᠣᠨᠤᠭ ᠲᠥᠬᠦᠭᠡᠷᠦᠮᠵᠢ᠂ ᠬᠤᠳᠠᠯᠳᠤᠨ ᠠᠪᠬᠤ ᠪᠠ ᠰᠢᠯᠭᠠᠨ ᠠᠪᠬᠤ᠂ ᠳᠡᠯᠭᠡᠨ | ᠦᠵᠡᠭᠦᠯᠬᠦ ᠪᠠ ᠬᠠᠳᠠᠭᠠᠯᠠᠬᠤ᠂ ᠪᠣᠷᠣᠯᠠᠭᠤᠯᠬᠤ ᠬᠠᠮᠢᠶᠠᠷᠤᠯᠲᠠ᠂ ᠬᠤᠳᠠᠯᠳᠤᠭᠰᠠᠨ ᠤ ᠳᠠᠷᠠᠭᠠᠬᠢ ᠬᠠᠮᠢᠶᠠᠷᠤᠯᠲᠠ ᠵᠡᠷᠭᠡ | ᠲᠠᠯ᠎ᠠ ᠪᠠᠷ ᠭᠤᠤᠯᠳᠠᠯᠭ᠎ᠠ ᠲᠠᠢ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠵᠢᠯᠣᠭᠤᠳᠣᠯᠭ᠎ᠠ ᠶᠢ | ᠨᠠᠷᠢᠯᠢᠬᠵᠢᠭᠤᠯᠵᠤ᠂ ᠦᠨᠡᠮᠯᠡᠯ ᠰᠣᠯᠢᠬᠤ ᠶᠠᠪᠤᠴᠠ ᠳᠤ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠠᠶ | ᠬᠦᠴᠢᠷᠳᠡᠯ ᠢ ᠲᠡᠷᠡ ᠳᠠᠷᠤᠶ ᠳᠤᠨᠢ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠳᠤ ︽ᠬᠤᠷᠳᠤᠴᠠ︾ ᠲᠠᠢ ᠪᠥᠭᠡᠳ ᠨᠠᠩ ︽ᠳᠤᠯᠠᠭᠠᠴᠠ︾ ᠶᠢᠨ ᠬᠠᠷᠠᠯᠲᠠ ᠶᠢ ᠪᠡᠶᠡᠯᠡᠭᠦᠯᠦᠨ᠎ᠡ᠃ | 2024 ᠣᠨ ᠳᠤ᠂ ᠴᠢᠩᠱᠠᠨ ᠲᠣᠭᠤᠷᠢᠭ ᠤᠨ 136 ᠡᠮ ᠤᠨ ᠵᠦᠢᠯᠡᠰ ᠢ ᠵᠢᠵᠢᠭᠯᠡᠨ ᠬᠤᠳᠠᠯᠳᠤᠬᠤ ᠠᠵᠤ | ᠠᠬᠤᠶᠢᠯᠠᠯ ᠤᠨ ᠦᠨᠡᠮᠯᠡᠯ ᠰᠣᠯᠢᠬᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠢᠯᠭᠠᠬᠤ ᠠᠵᠢᠯ ᠢ ᠪᠡᠶᠡᠯᠡᠭᠦᠯᠵᠦ᠂ | ᠪᠠᠶᠢᠴᠠᠭᠠᠯᠲᠠ ᠳᠤ ᠴᠥᠮ ᠬᠢᠷᠢ ᠲᠡᠩᠴᠡᠪᠡ᠃ ᠲᠣᠰ ᠵᠢᠯ ᠤᠨ ᠦᠨᠡᠮᠯᠡᠯ ᠰᠣᠯᠢᠬᠤ ᠠᠵᠢᠯ ᠢᠶᠠᠷ ᠳᠡᠮᠵᠢᠨ᠂ ᠬᠠᠷᠢᠶᠠᠲᠤ | ᠣᠷᠣᠨ ᠤ ᠳᠣᠲᠣᠷᠠᠬᠢ ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠵᠦ᠂ ᠰᠢᠨ᠎ᠡ ᠨᠢᠭᠡ ᠵᠢᠯ ᠤᠨ ᠡᠮ ᠤᠨ ᠵᠦᠢᠯ | ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠡᠮ | ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠵᠤ᠂ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ | ᠱᠤᠭᠤᠮ ᠢ ᠴᠢᠩᠭ᠎ᠠ ᠰᠠᠬᠢᠨ᠎ᠠ᠃ | | | |