2024 ᠤᠨ ᠤ 12 ᠰᠠᠷ᠎ᠠ ᠶᠢᠨ 31 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ | ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ | ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ | ᠳᠡᠭᠡᠷ᠎ᠡ᠂ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠦᠶᠡᠰ᠂ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠤᠢ ᠶᠢ | ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ | ᠰᠢ ᠶᠢᠨ ᠫᠢᠩ ᠤᠨ ︽ᠬᠥᠳᠡᠭᠡ ᠲᠣᠰᠬᠤᠨ ᠲᠠᠷᠢᠶᠠᠯᠠᠩ ᠲᠠᠷᠢᠶᠠᠴᠢᠨ︾ ᠤ ᠠᠵᠢᠯ ᠤᠨ ᠲᠤᠬᠠᠢ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ | ᠵᠢᠱᠢᠭᠰᠡᠨ ᠬᠠᠷᠠᠯᠳᠠ᠂ ᠲᠦᠷᠦ ᠶᠢᠨ ᠪᠤᠳᠤᠯᠭ᠎ᠠ ᠶᠢᠨ ᠬᠠᠨᠳᠤᠰᠢ ᠪᠤᠯᠤᠨ ᠴᠢᠬᠤᠯᠠ ᠡᠬᠦᠷᠭᠡ ᠶᠢ ᠤᠨᠤᠪᠴᠢᠳᠠᠢ | ᠡᠵᠡᠮᠳᠡᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠠᠵᠤ ᠠᠬᠤᠢ ᠶᠢᠨ | ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠳᠠ ᠪᠤᠯᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠲᠠᠢ | ᠦᠨᠡᠨ ᠬᠦ ᠨᠢᠭᠡᠳᠭᠡᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠦᠨᠡᠨ ᠬᠦ | ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠪᠤᠳᠠᠳᠤ ᠦᠷ᠎ᠡ ᠪᠦᠳᠦᠮᠵᠢ ᠪᠤᠯᠭᠠᠨ ᠬᠤᠪᠢᠷᠠᠭᠤᠯᠬᠤ ᠭᠡᠷᠡᠭᠳᠠᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠲᠣᠰᠬᠤᠨ ᠤ ᠬᠠᠮᠲᠤ ᠶᠢᠨ | ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ | ᠬᠡᠷᠡᠭᠵᠢᠭᠦᠯᠦᠯᠲᠡ ᠪᠠᠷ ᠲᠣᠰᠬᠤᠨ ᠤ ᠠᠷᠠᠳ ᠲᠤ ᠨᠡᠩ ᠤᠯᠠᠨ ᠠᠵᠢᠯ ᠣᠯᠭᠤᠬᠤ ᠲᠣᠬᠢᠶᠠᠯ ᠬᠠᠩᠭᠠᠵᠤ᠂ ᠤᠢᠢᠷ᠎ᠠ | ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠵᠢᠯ ᠤᠨ | ᠡᠴᠦᠰ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠨᠠᠷᠢᠨ ᠨᠢᠮᠪᠠᠢ ᠰᠠᠶᠢᠲᠤᠷ ᠬᠢᠵᠦ᠂ | ᠠᠷᠠᠳ ᠤᠨ ᠠᠮᠢᠳᠤᠷᠠᠯ ᠤᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠡᠯ᠎ᠡ ᠵᠦᠢᠯ ᠤᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ | ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ᠂ | ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠬᠤᠳᠠ ᠶᠢᠨ | ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ | ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠰᠤᠷᠤᠯᠴᠠᠨ ᠲᠤᠭᠤᠰᠢᠯᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ︽ᠵᠢᠷᠭᠤᠭᠠᠨ ᠢᠨᠵᠧᠨᠧᠷᠢᠩ︾ ᠢ | ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠳᠣᠷᠬᠠᠶᠢᠯᠠᠭᠰᠠᠨ | ︽ᠵᠢᠷᠭᠤᠭᠠᠨ ᠠᠵᠢᠯᠯᠠᠭ᠎ᠠ︾ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ︽ᠳᠤᠯᠤᠭ᠎ᠠ ᠶᠢ ᠦᠷᠭᠦᠯᠵᠢᠯᠡᠨ ᠬᠦᠴᠦᠯᠡᠬᠦ︾ | ᠬᠠᠮᠢᠶ᠎ᠠ ᠪᠦᠬᠦᠢ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠤᠩᠬᠤᠪᠴᠢ ᠶᠢᠨ | ᠬᠤᠭᠤᠴᠠᠭ᠎ᠠ ᠶᠢ ᠠᠳᠬᠤᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠤᠲᠠᠯᠠᠵᠤ᠂ ᠨᠢᠭᠡ ᠪᠦᠯᠦᠭ ᠲᠤᠮᠤ | ᠲᠦᠷᠦᠯ ᠵᠦᠢᠯ ᠰᠠᠶᠢᠨ ᠲᠦᠷᠦᠯ ᠵᠦᠢᠯ ᠢ ᠤᠷᠢᠳᠴᠢᠯᠠᠨ ᠪᠣᠳᠣᠯᠬᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ | ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠲᠤᠭᠤᠷᠢᠭ ᠤᠨ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ | ᠠᠬᠤᠢ ᠶᠢᠨ ᠠᠵᠢᠯ ᠤᠨ ᠬᠤᠷᠠᠯ ᠢ ᠤᠢᠢᠷ᠎ᠠ ᠶᠢᠨ ᠬᠤᠭᠤᠴᠠᠭᠠᠨ ᠳᠤ ᠬᠤᠷᠠᠯᠳᠤᠭᠤᠯᠬᠤ ᠪᠠᠷ ᠪᠠᠶᠢᠨ᠎ᠠ᠂ ᠭᠤᠣᠯ ᠡᠭᠦᠷᠭᠡ | ᠪᠣᠯ 2024 ᠣᠨ ᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ | ᠮᠡᠳᠡᠭᠦᠯᠦᠯᠲᠡ ᠶᠢ ᠰᠣᠨᠣᠰᠴᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠬᠤ | ᠪᠣᠯᠤᠨ᠎ᠠ᠃ | ᠬᠤᠷᠠᠯ ᠠᠴᠠ ᠪᠦᠬᠦ ᠲᠤᠭᠤᠷᠢᠭ ᠤᠨ 2024 ᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠤᠣᠯᠳᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠶᠡᠷᠦᠩᠬᠡᠶ ᠱᠦᠵᠢ ᠰᠢ ᠶᠢᠨ ᠫᠢᠩ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ | ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠬᠦᠴᠢᠷ ᠲᠦᠪᠡᠭᠲᠡᠶ ᠠᠰᠠᠭᠤᠳᠠᠯ ᠪᠠ ᠬᠦᠴᠢᠷ ᠲᠦᠪᠡᠭᠲᠡᠶ ᠬᠦᠰᠡᠯ | ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠤᠨ | ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ᠂ ᠨᠢᠭᠡ ᠪᠦᠯᠦᠭ ᠴᠢᠨᠠᠷ ᠰᠠᠶᠢᠲᠠᠶ᠂ ᠠᠰᠠᠭᠤᠳᠠᠯ ᠢ ᠰᠢᠢᠳᠪᠦᠷᠢᠯᠡᠵᠦ | ᠳᠡᠶᠢᠯᠬᠦ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠬᠢᠨᠠᠮᠠᠭᠠᠶ ᠲᠥᠯᠥᠪᠵᠢᠭᠦᠯᠵᠦ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ | ᠠᠬᠢᠭᠤᠯᠬᠤ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ | ᠲᠠᠯᠠᠪᠤᠷ ᠢ ᠴᠢᠩᠭ᠎ᠠ ᠠᠩᠬᠠᠷᠴᠤ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠬᠦ ᠪᠠ ᠠᠶᠤᠯ ᠲᠦᠭᠰᠢᠭᠦᠷᠢ ᠶᠢᠨ ᠰᠠᠨᠠᠭᠤᠯᠤᠮᠵᠢ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠪᠦᠬᠦ ᠲᠠᠯ᠎ᠠ ᠪᠠᠷ ᠴᠢᠩᠭᠠᠳᠬᠠᠵᠤ᠂ ᠡᠬᠢ ᠡᠭᠦᠰᠦᠯ ᠠᠴᠠ ᠨᠢ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠰᠢᠢᠳᠪᠦᠷᠢᠯᠡᠬᠦ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ | ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠢᠩᠱᠠᠨ ᠲᠣᠭᠤᠷᠢᠭ ᠤᠨ 2025 ᠣᠨ ᠤ ᠭᠤᠣᠯᠳᠠᠯᠭ᠎ᠠ ᠲᠠᠢ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠲᠤᠭᠤᠷᠢᠭ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠬᠢᠵᠦ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠳᠤ ᠬᠤᠯᠪᠣᠭᠳᠠᠬᠤ ᠪᠠ ᠰᠠᠭᠤᠷᠢ ᠲᠠᠯᠪᠢᠵᠤ ᠠᠯᠤᠰ ᠬᠡᠳᠦ ᠳᠤ ᠠᠰᠢᠭᠲᠠᠢ ᠲᠦᠷᠦᠯ ᠵᠦᠢᠯ ᠢ | ᠢᠯᠡᠭᠦᠬᠡᠨ ᠬᠡᠷᠡᠭᠵᠢᠭᠦᠯᠬᠦ ᠬᠡᠷᠡᠭᠲᠡᠢ᠃ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ | ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠪᠡᠯᠡ ᠮᠥᠩᠭᠦ ᠤᠯᠬᠤ᠂ ᠤᠯᠠᠨ | ᠲᠦᠮᠡᠨ ᠤ ᠰᠠᠨᠠᠯ ᠢ ᠬᠤᠷᠢᠶᠠᠬᠤ᠂ ᠪᠠᠷᠢᠯᠭ᠎ᠠ ᠶᠢᠨ ᠠᠵᠢᠯ ᠤᠨ ᠲᠡᠰ ᠳᠠᠷᠠᠭᠠᠯᠠᠯ ᠢ ᠲᠤᠬᠢᠷᠠᠭᠤᠯᠬᠤ ᠵᠡᠷᠭᠡ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠬᠡᠷᠡᠭᠴᠡᠭᠡ ᠶᠢ ᠬᠠᠩᠭᠠᠬᠤ ᠮᠥᠷᠲᠡᠭᠡᠨ ᠪᠠᠰᠠ | ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ ᠪᠠᠶᠢᠵᠤ᠂ ᠰᠠᠶᠢᠨ ᠶᠠᠪᠤᠳᠠᠯ ᠢ ᠦᠨᠡᠨ | ᠬᠦ ᠰᠠᠶᠢᠲᠤᠷ ᠬᠢᠵᠦ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠳᠡᠭᠡᠳᠦ ᠱᠠᠲᠤᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠢ ᠱᠦᠵᠢ | ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠳᠠᠭᠤᠨ ᠢ ᠢᠯᠡᠭᠦᠬᠡᠨ ᠰᠣᠨᠣᠰᠴᠤ᠂ ᠪᠣᠳᠠᠲᠤ ᠪᠠᠶᠢᠳᠠᠯ ᠢ | ᠥᠷᠭᠡᠨ ᠢᠶᠠᠷ ᠣᠶᠢᠯᠠᠭᠠᠵᠤ᠂ ︽ᠨᠢᠭᠡ ᠠᠰᠠᠭᠤᠳᠠᠯ ᠢ ᠰᠢᠢᠳᠪᠦᠷᠢᠯᠡᠬᠦ︾ ᠠᠴᠠ ︽ᠨᠢᠭᠡ ᠲᠦᠷᠦᠯ ᠤᠨ ᠠᠰᠠᠭᠤᠳᠠᠯ ᠢ | ᠰᠢᠢᠳᠪᠦᠷᠢᠯᠡᠬᠦ︾ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ︽ᠰᠡᠳᠬᠢᠬᠦᠶ ᠶᠢ ᠲᠠᠶᠢᠯᠬᠤ᠂ ᠠᠵᠢᠯ ᠤᠨ | ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ | ᠠᠵᠢᠯᠯᠠᠭ᠎ᠠ ᠶᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ︽ᠬᠠᠰᠤᠬᠤ ᠶᠣᠰᠣᠲᠠᠶ ᠡᠭᠦᠷᠭᠡ︾᠂ ︽ᠡᠭᠦᠷᠭᠡᠯᠡᠬᠦ ᠶᠣᠰᠣᠲᠠᠶ | ᠬᠠᠷᠢᠭᠤᠴᠠᠯᠭ᠎ᠠ︾᠂ ︽ᠣᠯᠭᠤᠬᠤ ᠶᠣᠰᠣᠲᠠᠶ ᠴᠢᠳᠠᠪᠤᠷᠢ︾ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ ᠴᠠᠭᠠᠨ ᠰᠠᠷ᠎ᠠ ᠠᠴᠠ ᠡᠮᠦᠨᠡᠬᠢ ᠠᠪᠤᠷᠠᠨ ᠲᠤᠰᠠᠯᠠᠵᠤ ᠲᠣᠬᠤᠨᠢᠭᠤᠯᠬᠤ ᠠᠵᠢᠯ ᠤᠨ ᠬᠤᠯᠪᠣᠭᠳᠠᠯ | ᠪᠦᠬᠦᠢ ᠶᠠᠪᠤᠳᠠᠯ ᠢ ᠰᠤᠳᠤᠯᠵᠠᠢ᠃ ᠪᠦᠬᠦ ᠲᠤᠭᠤᠷᠢᠭ ᠢᠶᠠᠷ ᠢᠶᠠᠨ ᠲᠣᠬᠤᠨᠢᠭᠤᠯᠬᠤ ᠠᠵᠢᠯᠯᠠᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠰᠢᠶᠠᠨ ᠤ ᠱᠠᠲᠤᠨ ᠤ | ᠤᠳᠤᠷᠢᠳᠤᠯᠭ᠎ᠠ ᠲᠦᠷᠦᠭᠦᠯᠡᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠴᠠᠭᠠᠨ ᠰᠠᠷ᠎ᠠ ᠶᠢᠨ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ᠂ ᠠᠬᠠᠮᠠᠳ ᠨᠠᠮ ᠤᠨ ᠭᠡᠰᠢᠭᠦᠨ᠂ | ᠣᠨᠴᠠᠭᠠᠶ ᠬᠥᠮᠦᠰ ᠵᠡᠷᠭᠡ ᠳᠤ ᠨᠠᠮ ᠤᠨ ᠬᠠᠶᠢᠷ᠎ᠠ ᠬᠠᠯᠠᠮᠵᠢ ᠶᠢ ᠴᠠᠭ ᠲᠤᠬᠠᠶ ᠳᠤᠨᠢ ᠮᠡᠳᠡᠷᠡᠭᠦᠯᠬᠦ ᠶᠢ ᠦᠨᠡᠨᠬᠦ | ᠪᠠᠲᠤᠯᠠᠵᠤ᠂ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |