1 ᠰᠠᠷ᠎ᠠ ᠶᠢᠨ 17 ᠤ ᠡᠳᠦᠷ᠂ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠠᠩᠬᠠᠳᠤᠭᠠᠷ | ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠬᠤᠷᠠᠯ ᠠᠴᠠ ᠴᠢᠩᠱᠠᠨ ᠲᠣᠭᠤᠷᠢᠭ ᠤᠨ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ | ︽ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠦᠷᠢᠮ | ︵ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ | ᠬᠤᠯᠪᠣᠭᠠᠲᠤ ᠬᠤᠷᠰᠢᠶ᠎ᠠ ᠶᠢᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ | ᠡᠷᠬᠢᠯᠡᠭᠴᠢ᠂ ᠡᠷᠬᠢᠯᠡᠭᠴᠢ ᠪᠠ ᠳᠡᠳ᠋ ᠡᠷᠬᠢᠯᠡᠭᠴᠢ᠂ ᠠᠩᠬᠠᠳᠤᠭᠠᠷ ᠬᠤᠭᠤᠴᠠᠭᠠᠨ ᠤ ᠬᠡᠷᠡᠭ ᠬᠢᠨᠠᠭᠴᠢᠳ ᠤᠨ | ᠵᠥᠪᠯᠡᠯ ᠤᠨ ᠬᠢᠨᠠᠭᠴᠢ ᠪᠠ ᠡᠷᠬᠢᠯᠡᠭᠴᠢ ᠶᠢ ᠰᠣᠩᠭᠤᠨ ᠭᠠᠷᠭᠠᠪᠠ᠃ | ᠪᠤᠭᠤᠲᠤ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠡᠷᠬᠢᠯᠡᠭᠴᠢ ᠸᠠᠩ | ᠮᠧᠩ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠲᠣᠭᠤᠷᠢᠭ ᠤᠨ ᠳᠡᠳ᠋ ᠳᠠᠷᠤᠭ᠎ᠠ ᠼᠤᠤ ᠵᠢᠤᠢ ᠬᠤᠷᠠᠯ ᠳᠤ ᠣᠷᠣᠯᠴᠠᠪᠠ᠃ | ᠸᠠᠩ ᠮᠧᠩ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢ ᠲᠥᠯᠥᠭᠡᠯᠡᠨ ᠶᠡᠭᠡ ᠬᠤᠷᠠᠯ | ᠬᠤᠷᠠᠯᠳᠤᠭᠰᠠᠨ ᠳᠤ ᠪᠠᠶᠠᠷ ᠬᠦᠷᠭᠡᠭᠰᠡᠨ ᠪᠥᠭᠡᠳ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠠᠵᠢᠯ ᠢ ᠭᠦᠢᠴᠡᠳ ᠨᠤᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠤᠨ | ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠬᠥᠳᠡᠭᠡ | ᠠᠵᠤ ᠠᠬᠤᠢ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠳᠤ | ᠰᠠᠭᠤᠷᠢᠯᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠶᠡᠷᠦᠩᠬᠡᠢ ᠱᠦᠵᠢ ᠶᠢᠨ | ᠨᠠᠶᠢᠳᠠᠯᠭ᠎ᠠ ᠶᠢ ᠬᠥᠳᠡᠭᠡ ᠠᠵᠤ ᠠᠬᠤᠢ ᠳᠤ ᠦᠢᠯᠡᠴᠢᠯᠡᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ | ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠵᠠᠰᠠᠯᠲᠠ ᠶᠢᠨ ᠰᠢᠰᠲ᠋ᠧᠮ᠂ ᠲᠠᠷᠢᠶᠠᠯᠠᠩ ᠳᠤ ᠦᠢᠯᠡᠴᠢᠯᠡᠬᠦ ᠰᠢᠰᠲ᠋ᠧᠮ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ | ᠬᠤᠷᠰᠢᠶ᠎ᠠ ᠶᠢᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠰᠢᠰᠲ᠋ᠧᠮ ᠪᠣᠯᠤᠨ ᠥᠭᠡᠷᠡᠴᠢᠯᠡᠯᠲᠡ | ᠬᠥᠭᠵᠢᠯᠲᠡ ᠶᠢᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠲᠠᠷᠢᠶᠠᠴᠢᠳ ᠤᠨ ᠦᠢᠯᠡᠳᠪᠦᠷᠢᠯᠡᠯ | ᠠᠮᠢᠳᠤᠷᠠᠯ ᠳᠤ ᠦᠢᠯᠡᠴᠢᠯᠡᠬᠦ ᠪᠠ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ | ᠶᠡᠷᠦᠩᠬᠡᠶᠢᠯᠡᠭᠰᠡᠨ ᠲᠠᠪᠴᠠᠩ ᠢ ᠦᠷᠭᠦᠯᠵᠢᠯᠡᠨ ᠪᠠᠶᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠲᠠᠷᠢᠶᠠᠴᠢᠨ | ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠤᠢᠢᠷ᠎ᠠ ᠶᠢᠨ ᠵᠢᠯ ᠠᠴᠠ᠂ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠬᠤᠳᠠ ᠶᠢᠨ | ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠦᠨᠳᠦᠰᠦᠯᠡᠵᠦ᠂ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ | ᠵᠣᠷᠢᠯᠲᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠲᠤᠰᠤᠯᠳᠠ ᠪᠣᠯᠭᠠᠵᠤ᠂ | ᠲᠠᠷᠢᠶᠠᠯᠠᠩ ᠤᠨ ᠪᠦᠲᠦᠭᠡᠭᠳᠡᠬᠦᠨ ᠤ ᠲᠠᠯ᠎ᠠ ᠪᠠᠷ ᠬᠢ ᠠᠵᠢᠯᠯᠠᠭ᠎ᠠ ᠶᠢᠨ ᠰᠢᠪᠲᠤᠯᠤᠯᠲᠠ ᠶᠢᠨ ᠴᠡᠭ ᠢ | ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠡᠬᠢ ᠪᠠᠶᠠᠯᠢᠭ ᠢ ᠨᠡᠶᠢᠳᠬᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠤᠳᠠ ᠬᠥᠳᠡᠭᠡ ᠶᠢᠨ ᠤᠯᠠᠨ ᠲᠦᠮᠡᠨ ᠳᠤ ᠦᠢᠯᠡᠴᠢᠯᠡᠵᠦ᠂ ᠬᠥᠳᠡᠭᠡ | ᠲᠣᠰᠬᠤᠨ ᠤ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠬᠦᠴᠦᠨ ᠨᠡᠮᠡᠷᠢᠯᠡᠪᠡ᠃ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠢᠩᠱᠠᠨ ᠤ ︽ᠬᠠᠩᠭᠠᠨ ᠪᠣᠷᠣᠯᠠᠭᠤᠯᠬᠤ ᠬᠠᠭᠤᠳᠠᠰᠤ︾ ᠶᠢ | ᠴᠢᠷᠮᠠᠶᠢᠨ ᠪᠢᠴᠢᠭᠯᠡᠨ᠎ᠡ᠃ | | | | | | |