ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/21
      1 ᠰᠠᠷ᠎ᠠ ᠶᠢᠨ 18᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠴᠢᠬᠤᠯᠠ ᠬᠠᠷᠢᠭᠤ ᠵᠠᠬᠢᠳᠠᠯ᠂ ᠴᠢᠬᠤᠯᠠ ᠪᠠᠶᠠᠷ ᠤᠨ ᠵᠠᠬᠢᠳᠠᠯ᠂ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠪᠣᠯᠤᠨ ᠬᠢᠨᠠᠨ ᠪᠤᠳᠤᠬᠤ ᠠᠵᠢᠯ᠂ ᠲᠥᠪᠡᠳ ᠤᠨ ᠰᠢᠭᠠᠽᠧ ᠬᠤᠲᠠ ᠶᠢᠨ ᠲᠢᠩᠷᠢ ᠰᠢᠶᠠᠨ ᠤ 6.8 ᠳᠡᠰ ᠤᠨ ᠭᠠᠵᠠᠷ ᠬᠥᠳᠡᠯᠦᠯᠲᠡ᠂ ᠪᠦᠬᠦ ᠤᠯᠤᠰ ᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠤ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢ ᠲᠠᠢ ᠠᠭᠤᠯᠵᠠᠬᠤ ᠦᠶ᠎ᠡ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷ᠎ᠡ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 1 ᠰᠠᠷ᠎ᠠ ᠶᠢᠨ 9᠎ ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠵᠠᠯᠠᠭᠤᠴᠤᠳ ᠤᠨ ᠤᠷᠠᠯᠢᠭ ᠤᠨ ᠠᠵᠢᠯᠲᠠᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠥᠭᠭᠦᠭᠰᠡᠨ ᠴᠢᠬᠤᠯᠠ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠤᠳᠤᠷᠢᠳᠤᠯᠭ᠎ᠠ ᠶᠢ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠢᠮᠠᠭᠲᠠ ᠭᠤᠣᠯ ᠶᠡᠭᠡ ᠲᠠᠯ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠪᠣᠳᠠᠲᠠᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠢᠨᠠᠨ ᠪᠤᠳᠤᠬᠤ ᠠᠵᠢᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ︽ᠬᠠᠤᠯᠢ ᠶᠣᠰᠣᠭᠠᠷ ᠬᠢᠨᠠᠨ ᠪᠤᠳᠤᠬᠤ᠂ ᠪᠣᠯᠪᠠᠰᠤᠨ ᠢᠶᠠᠷ ᠬᠢᠨᠠᠨ ᠪᠤᠳᠤᠬᠤ᠂ ᠠᠷᠢᠭᠤᠨ ᠴᠢᠬᠡᠴᠢ ᠪᠠᠷ ᠬᠢᠨᠠᠨ ᠪᠤᠳᠤᠬᠤ︾᠎ ᠶᠢ ᠢᠮᠠᠭᠲᠠ ᠪᠠᠷᠢᠮᠲᠠᠯᠠᠵᠤ᠂ ᠠᠰᠠᠭᠤᠳᠠᠯ ᠢ ᠡᠷᠲᠡ ᠢᠯᠡᠷᠡᠭᠦᠯᠵᠦ᠂ ᠪᠠᠭ᠎ᠠ ᠠᠴᠠ ᠨᠢ ᠰᠢᠢᠳᠪᠦᠷᠢᠯᠡᠵᠦ᠂ ᠴᠢᠩᠭ᠎ᠠ ᠬᠦᠴᠦᠲᠡᠢ ᠬᠢᠨᠠᠨ ᠪᠤᠳᠤᠬᠤ ᠬᠢᠨᠠᠯᠲᠠ ᠪᠠᠷ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠴᠠᠲᠠᠶ ᠪᠣᠯᠭᠠᠬᠤ᠂ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠪᠠ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠶᠠᠷ ᠤᠨ ᠡᠳᠦᠷ ᠠᠴᠠ ᠡᠮᠦᠨ᠎ᠡ ᠡᠷᠬᠢᠨ ᠦᠵᠡᠵᠦ ᠲᠣᠬᠤᠨᠢᠭᠤᠯᠬᠤ ᠪᠠ ᠵᠢᠯ ᠤᠨ ᠳᠣᠲᠣᠷ᠎ᠠ ᠢᠷᠠᠭᠤ ᠠᠯᠳᠠᠷᠲᠠᠢ ᠪᠠᠷ ᠠᠵᠢᠯ ᠠᠴᠠ ᠪᠠᠨ ᠪᠠᠭᠤᠵᠤ ᠠᠮᠠᠷᠠᠭᠰᠠᠨ ᠶᠣᠰᠣᠯᠠᠯ ᠵᠡᠷᠭᠡ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠲᠤᠭᠤᠷᠢᠭ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠦᠯᠡᠳᠡᠪᠦᠷᠢ ᠢᠯᠴᠢ ᠪᠠᠨ ᠢᠳᠡᠪᠬᠢᠲᠡᠶ ᠪᠠᠳᠠᠷᠠᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠵᠢᠵᠢᠭᠦᠷᠯᠡᠨ ᠰᠠᠬᠢᠬᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠨᠠᠷᠢᠨ ᠨᠢᠮᠪᠠᠢ ᠥᠷᠨᠢᠭᠦᠯᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠵᠤ᠂ ᠨᠢᠭᠡᠨᠲᠡ ᠪᠡᠶᠡᠯᠡᠭᠦᠯᠦᠭᠰᠡᠨ ᠴᠡᠭᠴᠡᠯᠡᠨ ᠰᠠᠶᠢᠵᠢᠷᠠᠭᠤᠯᠤᠭᠰᠠᠨ ᠵᠦᠢᠯᠡᠰ ᠲᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠴᠠᠭ ᠲᠤᠬᠠᠶ ᠳᠤᠨᠢ ᠪᠠᠬᠢᠵᠢᠭᠦᠯᠦᠨ ᠳᠡᠭᠡᠭᠰᠢᠯᠡᠭᠦᠯᠵᠦ᠂ ᠠᠰᠠᠭᠤᠳᠠᠯ ᠳᠠᠬᠢᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ︔ ᠱᠠᠳᠤᠴᠢ ᠴᠢᠨᠠᠷᠲᠠᠢ ᠦᠷ᠎ᠡ ᠪᠦᠲᠦᠮᠵᠢ ᠣᠯᠤᠭᠰᠠᠨ ᠠᠰᠠᠭᠤᠳᠠᠯ ᠳᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠴᠢᠩᠭ᠎ᠠ ᠵᠢᠷᠤᠮᠯᠠᠨ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠵᠤ᠂ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠪᠠᠶᠢᠭᠤᠯᠤᠭᠰᠠᠨ ᠡᠯ᠎ᠡ ᠵᠦᠢᠯ ᠤᠨ ᠲᠦᠷᠢᠮ ᠢ ᠡᠷᠡᠰ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠡᠷᠡᠰ ᠠᠳᠬᠤᠵᠤ᠂ ᠲᠦᠷᠢᠮ ᠤᠨ ᠬᠢᠵᠠᠭᠠᠷᠯᠠᠬᠤ ᠬᠦᠴᠦᠨ᠂ ᠬᠡᠷᠡᠭᠵᠢᠭᠦᠯᠬᠦ ᠬᠦᠴᠦᠨ ᠳᠤ ᠣᠷᠣᠭᠤᠯᠵᠤ᠂ ᠡᠯ᠎ᠡ ᠵᠦᠢᠯ ᠤᠨ ᠠᠵᠢᠯ ᠢ ᠵᠢᠷᠤᠮᠵᠢᠭᠤᠯᠬᠤ᠂ ᠳᠦᠷᠢᠮᠵᠢᠭᠦᠯᠬᠦ ᠵᠠᠮ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ ᠰᠡᠳᠬᠢᠬᠦᠶ ᠪᠠᠨ ᠵᠠᠳᠠᠯᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢ ᠬᠦᠰᠦᠨᠦᠭᠲᠦ︾᠎ ᠶᠢ ᠰᠤᠳᠤᠯᠤᠨ ᠬᠢᠨᠠᠨ ᠵᠥᠪᠯᠡᠵᠦ᠂ ᠠᠵᠢᠯᠯᠠᠭ᠎ᠠ ᠶᠢᠨ ᠦᠷ᠎ᠡ ᠪᠦᠲᠦᠭᠡᠯ ᠤᠨ ᠦᠷ᠎ᠡ ᠪᠦᠲᠦᠮᠵᠢ ᠪᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠰᠡᠳᠬᠢᠬᠦᠶ ᠪᠠᠨ ᠵᠠᠳᠠᠯᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾᠎ ᠪᠠᠷ ᠦᠨᠳᠦᠰᠦᠨ ᠠᠵᠢᠯ ᠤᠨ ᠠᠷᠭ᠎ᠠ ᠪᠠ ᠠᠵᠢᠯ ᠤᠨ ᠱᠠᠭᠠᠷᠳᠠᠯᠭ᠎ᠠ ᠪᠣᠯᠭᠠᠨ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠲᠤᠰᠬᠠᠶ ᠰᠡᠳᠦᠪᠲᠦ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨ ᠬᠦ ᠲᠡᠷᠢᠭᠦᠨ ᠳᠤ ᠣᠷᠣᠬᠤ ᠪᠠᠷ ᠴᠢᠷᠮᠠᠶᠢᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠩ ᠥᠨᠳᠥᠷ ᠪᠠᠷᠢᠮᠵᠢᠶ᠎ᠠ ᠪᠠᠷ ᠨᠠᠩ ᠰᠠᠶᠢᠨ ᠪᠠᠶᠢᠳᠠᠯ ᠢᠶᠠᠷ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠴᠦ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠲᠤᠭᠤᠷᠢᠭ ᠤᠨ ᠬᠤᠶᠠᠷ ᠬᠤᠷᠠᠯ ᠤᠨ ᠪᠡᠯᠡᠳᠬᠡᠯ ᠠᠵᠢᠯ ᠤᠨ ᠬᠤᠯᠪᠣᠭᠳᠠᠯ ᠪᠦᠬᠦᠢ ᠵᠦᠢᠯᠡᠰ ᠪᠣᠯᠤᠨ ᠲᠤᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠮᠡᠳᠡᠭᠦᠯᠦᠯᠲᠡ ᠶᠢ ᠰᠤᠳᠤᠯᠤᠭᠰᠠᠨ ᠪᠥᠭᠡᠳ ᠲᠤᠭᠤᠷᠢᠭ ᠤᠨ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号