ᠤᠢᠢᠷ᠎ᠠ ᠶᠢᠨ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ | 2025 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ | ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ | ᠬᠤᠷᠢᠶᠠᠨ ᠤ ᠱᠦᠵᠢ ᠳ᠋ᠢᠩ ᠺᠠᠶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠬᠤᠷᠠᠯ ᠳᠡᠭᠡᠷ᠎ᠡ᠂ ᠪᠠᠢ ᠶᠦᠨ ᠰᠢ᠂ ᠰᠣᠶᠣᠯᠲᠤ᠂ ᠭᠦᠸᠧ ᠴᠤᠤ᠂ ᠲᠢᠶᠠᠨ ᠬᠠᠢ ᠪᠥᠸᠧ ᠲᠤᠰ ᠲᠤᠰ ᠤᠨ | ᠪᠣᠳᠣᠯᠬᠢᠯᠠᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠪᠦᠷᠢᠯᠳᠦᠬᠦᠨ ᠪᠢᠴᠢᠭ ᠤᠨ ᠮᠠᠲ᠋ᠧᠷᠢᠶᠠᠯ ᠢᠶᠠᠨ ᠳᠡᠪᠰᠢᠭᠦᠯᠵᠡᠢ᠃ | ᠳ᠋ᠢᠩ ᠺᠠᠶ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠣᠯᠠᠨ ᠨᠠᠮ ᠤᠨ ᠭᠡᠰᠢᠭᠦᠨ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ | ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ | ᠵᠢᠴᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠢᠭᠡ ᠴᠣᠭᠴᠠᠵᠢᠭᠤᠯᠤᠨ ᠭᠦᠨᠵᠡᠭᠡᠶ ᠰᠤᠷᠤᠯᠴᠠᠨ ᠨᠠᠷᠢᠨ | ᠣᠶᠢᠯᠠᠭᠠᠵᠤ᠂ ᠨᠢᠭᠡ ᠴᠤᠭᠴᠠᠵᠢᠭᠤᠯᠤᠨ ᠠᠬᠢᠭᠤᠯᠵᠤ ᠨᠠᠶᠢᠳᠠᠪᠤᠷᠢᠵᠢᠭᠤᠯᠤᠨ᠂ ᠰᠠᠬᠢᠯᠭ᠎ᠠ ᠪᠠᠲᠤ ᠶᠢ ᠰᠤᠷᠤᠯᠴᠠᠬᠤ ᠪᠠᠷ | ᠰᠠᠬᠢᠯᠭ᠎ᠠ ᠪᠠᠲᠤ ᠶᠢ ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ | ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ | ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ᠂ ᠰᠡᠷᠡᠮᠵᠢᠯᠡᠭᠦᠯᠬᠦ | ᠬᠥᠮᠦᠵᠢᠯ᠂ ᠤᠬᠠᠭᠤᠯᠭ᠎ᠠ ᠪᠠᠷ ᠬᠦᠳᠦᠯᠦᠨ ᠳᠠᠭᠠᠭᠤᠯᠬᠤ ᠵᠡᠷᠭᠡ ᠲᠠᠯ᠎ᠠ ᠶᠢᠨ ᠠᠵᠢᠯ ᠢ ᠰᠠᠶᠢᠲᠤᠷ ᠠᠳᠬᠤᠵᠤ᠂ | ᠣᠨᠴᠠᠭᠠᠶᠢᠯᠠᠨ ᠭᠤᠣᠯ ᠳᠤᠭᠤᠶᠢᠯᠠᠩ ᠤᠨ ᠪᠦᠷᠢᠯᠳᠦᠬᠦᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠦᠷᠦᠭᠦᠯᠡᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠦᠨᠡᠨᠬᠦ ᠴᠢᠩᠭ᠎ᠠ ᠰᠠᠬᠢᠯᠭ᠎ᠠ ᠪᠠᠲᠤ᠂ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ | ᠭᠤᠣᠯ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠳᠡᠭᠡᠷ᠎ᠡ ᠭᠤᠷᠪᠠᠨ ᠱᠠᠲᠤᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ | ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠵᠢᠯ ᠤᠨ ᠭᠤᠣᠯᠳᠠᠯᠭ᠎ᠠ ᠲᠠᠢ ᠡᠭᠦᠷᠭᠡ ᠶᠢᠨ | ᠠᠵᠢᠯ ᠣᠨᠴᠠᠭᠠᠶᠢᠯᠠᠨ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ | ᠲᠥᠯᠥᠪᠵᠢᠭᠦᠯᠵᠦ᠂ ᠵᠢᠯ ᠤᠨ ᠰᠡᠭᠦᠯᠴᠢ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠺᠠᠳ᠋ᠷ ᠤᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | | | | | | |