1 ᠰᠠᠷ᠎ᠠ ᠶᠢᠨ 20 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠬᠤᠷᠠᠯ ᠲᠣᠭᠤᠷᠢᠭ ᠤᠨ ᠨᠠᠮ ᠵᠠᠰᠠᠭ ᠤᠨ ᠲᠤᠮᠤ ᠠᠰᠠᠷ ᠤᠨ ᠬᠤᠷᠠᠯ ᠤᠨ ᠲᠢᠩᠬᠢᠮ ᠳᠤ ᠡᠬᠢᠯᠡᠪᠡ᠃ | ᠪᠦᠬᠦ ᠲᠤᠭᠤᠷᠢᠭ ᠤᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠵᠣᠷᠢᠭ ᠰᠠᠨᠠᠭ᠎ᠠ ᠴᠤᠭ ᠵᠢᠪᠬᠤᠭ᠎ᠠ ᠪᠠᠳᠠᠷᠠᠩᠭᠤᠶ ᠪᠠᠷ ᠬᠤᠷᠠᠯ ᠤᠨ | ᠲᠠᠯᠠᠪᠠᠢ ᠳᠤ ᠤᠷᠤᠪᠠ᠃ ᠬᠤᠶᠠᠷ ᠡᠳᠦᠷ ᠤᠨ ᠬᠤᠷᠠᠯ ᠤᠨ ᠬᠤᠭᠤᠴᠠᠭᠠᠨ ᠳᠤ᠂ ᠭᠡᠰᠢᠭᠦᠳ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ | ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ︽ᠴᠢᠩᠱᠠᠨ ᠤ ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠭᠯᠡᠬᠦ ᠳᠤ ᠤᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ | ᠦᠳᠡ ᠶᠢᠨ ᠡᠮᠦᠨᠡᠬᠢ 9 ᠴᠠᠭ ᠲᠤ᠂ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃ | ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 205 ᠬᠥᠮᠦᠨ᠂ ᠪᠣᠳᠠᠲᠠᠶ | ᠣᠷᠣᠯᠴᠠᠭᠰᠠᠨ ᠨᠢ 180 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠬᠤᠷᠠᠯ ᠳᠤ ᠣᠷᠣᠯᠴᠠᠵᠤ ᠪᠠᠶᠠᠷ ᠬᠦᠷᠭᠡᠪᠡ᠃ | ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠮᠠ ᠴᠢᠤᠸᠠᠨ ᠸᠠᠩ᠂ ᠳᠡᠳ᠋ ᠲᠡᠷᠢᠭᠦᠯᠡᠭᠴᠢ ᠯᠢ ᠾᠧᠩ᠂ ᠬᠦᠭᠡ᠂ ᠵᠠᠩ ᠯᠢ ᠬᠤᠩ᠂ ᠵᠠᠩ ᠯᠢᠩ ᠳ᠋ᠢ᠂ | ᠨᠠᠷᠢᠨ ᠪᠢᠴᠢᠭ ᠤᠨ ᠳᠠᠷᠤᠭ᠎ᠠ ᠵᠠᠩ ᠬᠠᠢ ᠵᠢᠶᠦ᠋ᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ | ᠢᠦᠶ ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ᠂ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠡᠷᠬᠢᠯᠡᠭᠴᠢ ᠵᠠᠩ | ᠴᠢᠶᠠᠩ ᠵᠢᠴᠢ ᠭᠡᠷ ᠲᠤ ᠪᠠᠨ ᠪᠠᠶᠢᠭ᠎ᠠ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ | ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠮᠠ ᠴᠢᠤᠸᠠᠨ ᠸᠠᠩ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃ | ᠮᠠ ᠴᠢᠤᠸᠠᠨ ᠸᠠᠩ ᠬᠡᠯᠡᠬᠦ ᠳᠡᠭᠡᠨ᠂ 2024 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ ᠠᠷᠠᠳ ᠤᠨ ᠤᠯᠤᠰ ᠲᠦᠷᠦ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠤᠢ ᠮᠥᠨ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠴᠢᠩᠱᠠᠨ ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠢᠮᠠᠭᠲᠠ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠪᠠᠶᠢᠭᠤᠯᠤᠯᠲᠠ ᠪᠠᠷ ᠭᠤᠣᠯ | ᠲᠦᠪ ᠢ ᠪᠠᠬᠢᠵᠢᠭᠦᠯᠬᠦ᠂ ᠦᠵᠡᠯ ᠰᠠᠨᠠᠭ᠎ᠠ ᠪᠠᠷ ᠬᠥᠭᠵᠢᠯᠲᠡ ᠶᠢ ᠠᠬᠢᠭᠤᠯᠬᠤ᠂ ᠳᠦᠷᠢᠮ ᠢᠶᠠᠷ ᠰᠠᠭᠤᠷᠢ ᠶᠢ ᠪᠠᠲᠤᠳᠬᠠᠬᠤ᠂ | ᠲᠦᠷᠦᠯ ᠲᠡᠮᠳᠡᠭ ᠢᠶᠠᠷ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠬᠤᠶᠠᠷ | ᠶᠡᠭᠡ ᠭᠤᠣᠯ ᠰᠡᠳᠦᠪ ᠢ ᠪᠠᠲᠤ ᠡᠵᠡᠮᠳᠡᠵᠦ᠂ ᠦᠨᠳᠦᠰᠦ ᠶᠢ ᠬᠠᠮᠢᠶᠠᠷᠬᠤ᠂ ᠰᠠᠭᠤᠷᠢ ᠲᠠᠯᠪᠢᠬᠤ᠂ ᠠᠯᠤᠰ ᠬᠡᠳᠦ ᠳᠤ | ᠠᠰᠢᠭᠲᠠᠢ ᠪᠠᠶᠢᠬᠤ ᠪᠠᠷ ᠭᠤᠣᠯᠳᠠᠭᠤᠯᠵᠤ᠂ ᠭᠤᠷᠪᠠᠨ ᠶᠠᠪᠤᠳᠠᠯ ᠢ ᠰᠡᠳᠬᠢᠯ ᠲᠠᠯᠪᠢᠨ ᠰᠠᠶᠢᠲᠤᠷ ᠠᠳᠬᠤᠪᠠ᠄ ᠨᠢᠭᠡ ᠳᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ | ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠪᠠ᠃ ᠬᠤᠶᠠᠷ ᠲᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠶᠡᠭᠡ ᠪᠠᠷ ᠠᠬᠢᠭᠤᠯᠪᠠ᠃ ᠭᠤᠷᠪᠠ ᠳᠤ | ︽ᠪᠠᠶᠢᠭᠤᠯᠬᠤ᠂ ᠳᠤᠷᠠᠳᠬᠤ᠂ ᠲᠡᠮᠡᠴᠡᠬᠦ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠪᠡ᠃ 2024 | ᠣᠨ ᠤ ᠡᠯ᠎ᠡ ᠵᠦᠢᠯ ᠤᠨ ᠠᠵᠢᠯ ᠤᠨ ᠲᠡᠭᠦᠰ ᠠᠮᠵᠢᠯᠲᠠ ᠲᠠᠢ ᠲᠡᠭᠦᠰᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ | ᠠᠬᠢᠭᠤᠯᠵᠤ᠂ 2025 ᠣᠨ ᠤ ᠠᠵᠢᠯ ᠤᠨ ᠬᠠᠷᠠᠯᠲᠠ ᠪᠠ ᠠᠬᠢᠭᠤᠯᠬᠤ ᠠᠷᠭ᠎ᠠ ᠬᠡᠮᠵᠢᠶ᠎ᠡ ᠶᠢ ᠥᠨᠳᠥᠷ | ᠪᠠᠷᠢᠮᠵᠢᠶ᠎ᠠ ᠪᠠᠷ ᠪᠣᠳᠣᠯᠬᠢᠯᠠᠨ᠎ᠠ ᠭᠡᠵᠦ ᠬᠡᠯᠡᠪᠡ᠃ | ᠮᠠ ᠴᠢᠤᠸᠠᠨ ᠸᠠᠩ᠂ 2024 ᠣᠨ ᠳᠤ ᠬᠡᠳᠦᠨ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠪᠠ᠄ ᠨᠢᠭᠡ ᠳᠤ᠂ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠨᠡᠩ ᠥᠨᠳᠥᠷ | ᠵᠣᠭᠰᠣᠴᠠ ᠪᠠᠷ ᠤᠯᠤᠰ ᠲᠦᠷᠦ ᠪᠠᠷ ᠬᠦᠳᠦᠯᠦᠨ ᠳᠠᠭᠠᠭᠤᠯᠬᠤ ᠠᠵᠢᠯ ᠢ ᠰᠠᠶᠢᠲᠤᠷ ᠬᠢᠪᠡ᠃ ᠪᠠᠶᠢᠩᠭᠤ ᠶᠢᠨ ᠬᠤᠷᠢᠶ᠎ᠠ | ᠨᠠᠮ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠳᠠᠬᠢ ᠤᠳᠤᠷᠢᠳᠤᠯᠭ᠎ᠠ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠴᠢᠭᠯᠡᠯ ᠢᠶᠠᠷ ᠰᠡᠳᠬᠢᠯ ᠨᠢᠭᠡᠳᠦᠨ | ᠬᠠᠮᠲᠤ ᠪᠠᠷ ᠤᠷᠤᠭᠰᠢᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠨᠢ ᠴᠢᠨᠠᠷ ᠰᠠᠶᠢᠲᠠᠢ ᠥᠨᠳᠥᠷ ᠪᠦᠲᠦᠮᠵᠢᠲᠡᠢ | ᠪᠠᠶᠢᠬᠤ ᠶᠢ ᠬᠦᠳᠦᠯᠦᠨ ᠳᠠᠭᠠᠭᠤᠯᠵᠤ᠂ ᠨᠠᠮ ᠢ ᠬᠠᠮᠢᠶᠠᠷᠴᠤ ᠨᠠᠮ ᠢ ᠴᠢᠩᠭ᠎ᠠ ᠵᠠᠰᠠᠬᠤ ᠶᠢ ᠴᠢᠩᠭ᠎ᠠ ᠪᠣᠳᠠᠲᠠᠢ ᠬᠢᠪᠡ᠃ | ᠬᠤᠶᠠᠷ ᠲᠤ᠂ ᠵᠥᠪᠯᠡᠬᠦ ᠠᠷᠠᠳᠴᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠡᠩ ᠶᠡᠭᠡ ᠵᠢᠳᠬᠦᠯ ᠴᠢᠷᠮᠠᠶᠢᠯᠭ᠎ᠠ ᠪᠠᠷ | ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠢᠪᠡ᠃ ᠪᠠᠶᠢᠩᠭᠤ ᠶᠢᠨ ᠬᠤᠷᠢᠶ᠎ᠠ ᠨᠠᠮ ᠵᠠᠰᠠᠭ ᠤᠨ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢ ᠭᠦᠨᠵᠡᠭᠡᠢ ᠰᠠᠶᠢᠲᠤᠷ | ᠬᠢᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠵᠥᠪᠯᠡᠯᠭᠡ ᠬᠢᠵᠦ ᠵᠠᠰᠠᠭ ᠤᠨ | ᠶᠠᠪᠤᠳᠠᠯ ᠢ ᠵᠥᠪᠯᠡᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠵᠢᠭᠰᠠᠭᠠᠯ ᠤᠨ ᠭᠠᠵᠠᠷ ᠤᠨ ᠬᠦᠴᠦᠨ ᠢ | ᠨᠡᠶᠢᠳᠬᠡᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ ᠶᠠᠰᠤ ᠴᠢᠨᠠᠷ ᠢ ᠳᠡᠭᠡᠭᠰᠢᠯᠡᠭᠦᠯᠪᠡ᠃ ᠭᠤᠷᠪᠠ ᠳᠤ᠂ | ᠪᠦᠯᠬᠦᠮᠳᠡᠯ ᠠᠷᠠᠳᠴᠢᠯᠠᠯ ᠤᠨ ᠭᠤᠣᠯ ᠰᠡᠳᠦᠪ ᠢ ᠪᠠᠷᠢᠮᠲᠠᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠰᠢᠯᠭᠠᠯᠲᠠ ᠶᠢᠨ ᠠᠵᠢᠯ ᠢ ᠰᠠᠶᠢᠲᠤᠷ ᠬᠢᠪᠡ᠃ ᠪᠠᠶᠢᠩᠭᠤ ᠶᠢᠨ ᠬᠤᠷᠢᠶ᠎ᠠ ︽ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠥᠮᠦᠰ ᠤᠨ ᠰᠡᠳᠬᠢᠯ ᠢ ᠥᠷᠭᠡᠨ ᠢᠶᠠᠷ | ᠨᠢᠭᠲᠠᠷᠠᠭᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠤᠶᠤᠨ ᠤᠬᠠᠭᠠᠨ ᠢ ᠨᠢᠭᠲᠠᠷᠠᠭᠤᠯᠬᠤ᠂ ᠬᠦᠴᠦᠨ | ᠴᠢᠳᠠᠯ ᠢ ᠨᠢᠭᠲᠠᠷᠠᠭᠤᠯᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠯᠬᠦᠮᠳᠡᠯ ᠢ | ᠭᠦᠨᠵᠡᠭᠡᠶᠢᠷᠡᠭᠦᠯᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠨᠥᠬᠦᠷᠯᠡᠯ ᠬᠠᠮᠲᠤ ᠶᠢᠨ ᠲᠠᠨᠢᠯᠲᠠ ᠶᠢ | ᠴᠢᠩᠭᠠᠳᠬᠠᠵᠤ᠂ ᠵᠠᠰᠠᠭ ᠲᠤ ᠲᠤᠰᠠᠯᠠᠵᠤ ᠬᠥᠮᠦᠨ ᠢ ᠬᠥᠮᠦᠵᠢᠭᠦᠯᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ | ᠲᠦᠷᠪᠡ ᠳᠤ᠂ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠦᠢᠯᠡᠳᠦᠯ ᠢ ᠪᠠᠳᠠᠷᠠᠭᠤᠯᠵᠤ᠂ ᠨᠡᠩ ᠴᠢᠩᠭ᠎ᠠ | ᠡᠭᠦᠷᠭᠡᠯᠡᠯ ᠢᠶᠠᠷ ᠠᠷᠠᠳ ᠤᠨ ᠠᠮᠢᠳᠤᠷᠠᠯ ᠳᠤ ᠦᠢᠯᠡᠴᠢᠯᠡᠬᠦ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠢᠪᠡ᠃ | ᠪᠠᠶᠢᠩᠭᠤ ᠶᠢᠨ ᠬᠤᠷᠢᠶ᠎ᠠ ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ︾ ᠡᠭᠦᠷᠭᠡ | ᠲᠤᠰᠢᠶᠠᠯ ᠢᠶᠠᠨ ᠭᠦᠢᠴᠡᠳᠬᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠬᠢᠭᠤᠯᠵᠤ᠂ ᠪᠦᠬᠦ ᠰᠡᠳᠬᠢᠯ ᠪᠦᠬᠦ | ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠡᠳᠬᠦᠵᠦ᠂ ᠠᠷᠠᠳ ᠤᠨ ᠠᠮᠢᠳᠤᠷᠠᠯ ᠤᠨ | ᠬᠠᠯᠠᠮᠵᠢᠯᠠᠯ ᠳᠤ ᠬᠦᠴᠦᠯᠡᠨ ᠬᠠᠷᠢᠭᠤᠯᠲᠠ ᠥᠭᠴᠦ᠂ ᠠᠷᠠᠳ ᠤᠨ ᠵᠣᠪᠠᠨᠢᠯ ᠢ ᠬᠦᠴᠦᠯᠡᠨ ᠰᠢᠢᠳᠪᠦᠷᠢᠯᠡᠵᠦ᠂ | ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠵᠠᠢ᠃ ᠲᠠᠪᠤ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ | ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠨᠡᠩ ᠴᠢᠩᠭ᠎ᠠ ᠪᠠᠷᠢᠮᠵᠢᠶ᠎ᠠ ᠪᠠᠷ ᠲᠤᠰ ᠪᠡᠶ᠎ᠡ ᠶᠢᠨ | ᠪᠠᠶᠢᠭᠤᠯᠤᠯᠲᠠ ᠶᠢᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠢᠪᠡ᠃ ᠪᠠᠶᠢᠩᠭᠤ ᠶᠢᠨ ᠬᠤᠷᠢᠶ᠎ᠠ ᠪᠣᠳᠠᠲᠠᠢ ᠶᠢ | ᠡᠷᠬᠢᠮᠯᠡᠬᠦ ᠠᠷᠭ᠎ᠠ ᠬᠡᠮᠵᠢᠶ᠎ᠡ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ | ᠶᠡᠭᠡ ᠪᠠᠷ ᠠᠬᠢᠭᠤᠯᠵᠤ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠳᠡᠭᠡᠭᠰᠢᠯᠡᠵᠦ᠂ ᠲᠤᠰᠬᠠᠢ ᠵᠥᠪᠯᠡᠯ ᠤᠨ | ︽ᠲᠤᠰᠬᠠᠢ ᠴᠢᠳᠠᠪᠤᠷᠢ︾ ᠶᠢᠨ ᠦᠢᠯᠡᠳᠦᠯ ᠲᠤᠪᠤᠶᠢᠮ᠎ᠠ ᠪᠣᠯᠵᠤ᠂ ᠪᠠᠶᠢᠭᠤᠯᠭ᠎ᠠ ᠶᠢᠨ ᠠᠵᠢᠯ ᠤᠨ ᠦᠷ᠎ᠡ ᠪᠦᠲᠦᠮᠵᠢ | ᠳᠡᠭᠡᠭᠰᠢᠯᠡᠵᠡᠢ ᠭᠡᠵᠦ ᠬᠡᠯᠡᠪᠡ᠃ | ᠮᠠ ᠴᠢᠤᠸᠠᠨ ᠸᠠᠩ᠂ 2025 ᠣᠨ ᠳᠤ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶᠠᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠶᠢᠨ ︽ᠨᠢᠭᠡ ᠰᠢᠨ᠎ᠡ ᠶᠢ | ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠶ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ | ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠴᠢᠩᠱᠠᠨ | ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠲᠤᠭᠤᠷᠢᠭ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠣᠰᠣᠭᠠᠷ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠦᠢᠯᠡᠳᠦᠯᠭᠡᠵᠢᠭᠦᠯᠵᠦ᠂ | ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠭ᠎ᠠ ᠤᠬᠠᠭᠠᠨ ᠭᠠᠷᠭᠠᠨ | ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠴᠢᠩᠱᠠᠨ ᠤ ᠬᠠᠷᠢᠭᠤᠯᠲᠠ ᠶᠢᠨ | ᠬᠠᠭᠤᠳᠠᠰᠤ︾ ᠶᠢ ᠬᠥᠮᠦᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠬᠦᠴᠦᠨ ᠴᠢᠳᠠᠯ ᠢ ᠥᠷᠭᠡᠨ ᠢᠶᠠᠷ | ᠨᠢᠭᠲᠠᠷᠠᠭᠤᠯᠤᠨ᠎ᠠ ᠭᠡᠵᠦ ᠬᠡᠯᠡᠪᠡ᠃ ᠮᠠ ᠴᠢᠤᠸᠠᠨ ᠸᠠᠩ 2025 ᠣᠨ ᠤ ᠤᠯᠤᠰ ᠲᠥᠷᠥ ᠶᠢᠨ ᠵᠥᠪᠯᠡᠯᠭᠡᠨ ᠤ | ᠠᠵᠢᠯ ᠤᠨ ᠲᠤᠬᠠᠶ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠄ ᠨᠢᠭᠡ ᠳᠤ᠂ ᠤᠯᠤᠰ ᠲᠥᠷᠥ ᠶᠢᠨ | ᠵᠢᠯᠣᠭᠤᠳᠤᠮᠵᠢ ᠶᠢ ᠴᠢᠩᠭᠠᠳᠬᠠᠵᠤ᠂ ︽ᠦᠨᠡᠨᠴᠢ ᠰᠢᠳᠤᠷᠭᠤ ᠤᠯᠤᠰ ᠲᠥᠷᠥ ᠶᠢᠨ ᠵᠥᠪᠯᠡᠯᠭᠡ︾ ᠪᠠᠷ ᠢᠲᠡᠭᠡᠯ | ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠨ᠎ᠠ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠴᠢᠩᠭᠠᠳᠬᠠᠵᠤ᠂ ︽ᠵᠢᠳᠬᠦᠯ ᠴᠢᠷᠮᠠᠶᠢᠯᠭ᠎ᠠ ᠲᠠᠢ ᠤᠯᠤᠰ ᠲᠦᠷᠦ ᠶᠢᠨ ᠵᠥᠪᠯᠡᠯᠭᠡ︾ ᠪᠠᠷ ᠭᠠᠵᠠᠷ ᠣᠷᠣᠨ ᠤ | ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ︽ᠠᠷᠠᠳ ᠢ | ᠳᠣᠲᠣᠨᠣᠴᠢᠯᠠᠬᠤ ᠤᠯᠤᠰ ᠲᠦᠷᠦ ᠶᠢᠨ ᠵᠥᠪᠯᠡᠯᠭᠡᠨ︾ ᠢᠶᠠᠷ ᠤᠯᠠᠨ ᠲᠦᠮᠡᠨ ᠳᠤ ᠦᠢᠯᠡᠴᠢᠯᠡᠨ᠎ᠡ᠃ ᠲᠦᠷᠪᠡ ᠳᠤ᠂ | ᠪᠦᠯᠬᠦᠮᠳᠡᠯ ᠨᠥᠬᠦᠷᠯᠡᠯ ᠢ ᠴᠢᠩᠭᠠᠳᠬᠠᠵᠤ᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ︾ ᠪᠠᠷ ᠥᠷᠭᠡᠨ | ᠳᠡᠯᠭᠡᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ᠎ᠠ᠃ ᠲᠠᠪᠤ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭ᠎ᠠ ᠠᠳᠬᠤᠵᠤ᠂ ︽ᠠᠮᠢᠵᠢᠷᠠᠯ ᠤᠨ ᠬᠦᠴᠦᠨ ᠲᠠᠢ ᠤᠯᠤᠰ ᠲᠦᠷᠦ ᠶᠢᠨ ᠵᠥᠪᠯᠡᠯᠭᠡᠨ︾ ᠢᠶᠠᠷ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠢ ᠬᠦᠭᠵᠢᠭᠡᠨ᠎ᠡ᠃ | ᠵᠠᠩ ᠯᠢᠩ ᠳ᠋ᠢ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ | ᠮᠡᠳᠡᠭᠦᠯᠦᠯᠲᠡ ᠬᠢᠪᠡ᠃ | ᠵᠠᠩ ᠯᠢᠩ ᠳ᠋ᠢ᠂ ᠴᠢᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ | ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠶᠢ ᠦᠨᠡᠨᠴᠢ | ᠰᠢᠳᠤᠷᠭᠤ ᠪᠠᠷ ᠦᠢᠯᠡᠳᠦᠯᠭᠡᠵᠢᠭᠦᠯᠵᠦ᠂ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠲᠣᠭᠤᠷᠢᠭ ᠤᠨ | ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ︽ᠬᠤᠶᠠᠷ ᠰᠢᠨ᠎ᠡ︾ ᠶᠢᠨ ᠤᠳᠤᠷᠢᠳᠤᠮᠵᠢ ᠪᠣᠯᠤᠨ | ︽ᠬᠤᠶᠠᠷ ᠢ ᠡᠯᠰᠡᠵᠦ ᠬᠤᠶᠠᠷ ᠢ ᠲᠠᠲᠠᠬᠤ︾ ᠪᠠᠷ ᠭᠠᠷᠳᠠᠴᠠ ᠪᠣᠯᠭᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠨᠡᠶᠢᠳᠡ 205 ᠬᠤᠪᠢ ᠰᠠᠨᠠᠯ | ᠵᠥᠪᠯᠡᠯᠭᠡ ᠳᠤᠷᠠᠳᠴᠤ᠂ 182 ᠬᠤᠪᠢ ᠶᠢ ᠨᠢ ᠬᠡᠷᠡᠭ ᠪᠣᠯᠭᠠᠨ ᠳᠠᠩᠰᠠᠯᠠᠵᠤ᠂ ᠬᠡᠷᠡᠭ ᠪᠣᠯᠭᠠᠨ ᠳᠠᠩᠰᠠᠯᠠᠭᠰᠠᠨ ᠨᠤᠷᠮ᠎ᠠ | 88.78% ᠳᠤ ᠬᠦᠷᠴᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ ᠪᠣᠯᠤᠨ | ᠬᠠᠨᠤᠮᠵᠢ ᠶᠢᠨ ᠨᠤᠷᠮ᠎ᠠ ᠴᠥᠮ 100% ᠳᠤ ᠬᠦᠷᠴᠡᠢ᠃ ᠡᠳᠡᠭᠡᠷ ᠰᠠᠨᠠᠯ ᠳᠤᠷᠠᠳᠤᠯᠭ᠎ᠠ ᠶᠢᠨ ᠠᠭᠤᠯᠭ᠎ᠠ ᠨᠢ ᠥᠷᠭᠡᠨ | ᠳᠡᠯᠭᠡᠷ᠂ ᠰᠠᠨᠠᠭᠤᠯᠭ᠎ᠠ ᠨᠢ ᠭᠦᠨ ᠭᠦᠨᠵᠡᠭᠡᠢ᠂ ᠰᠢᠢᠳᠪᠦᠷᠢᠯᠡᠭᠰᠡᠨ ᠨᠢ ᠬᠦᠴᠦᠲᠡᠢ ᠪᠠᠶᠢᠵᠤ᠂ ᠴᠢᠩᠱᠠᠨ ᠲᠣᠭᠤᠷᠢᠭ ᠤᠨ | ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ | ᠨᠡᠶᠢᠭᠡᠮ ᠤᠨ ᠪᠠᠶᠢᠭᠤᠯᠤᠯᠲᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ ᠭᠡᠵᠦ ᠬᠡᠯᠡᠪᠡ᠃ | | | |