1 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ | ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 500 ᠬᠥᠮᠦᠨ ᠤ ᠬᠤᠷᠠᠯ ᠤᠨ ᠲᠢᠩᠬᠢᠮ ᠳᠤ ᠦᠪᠡᠳᠡᠭᠰᠢ | ᠶᠡᠭᠡ ᠪᠠᠷ ᠡᠬᠢᠯᠡᠪᠡ᠃ ᠡᠯ᠎ᠡ ᠠᠵᠢᠯ ᠲᠥᠷᠥᠯ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠥᠬᠦ ᠲᠤᠭᠤᠷᠢᠭ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ | ᠡᠭᠦᠷᠭᠡᠯᠡᠵᠦ᠂ ᠬᠡᠬᠦᠳᠡᠭ ᠴᠡᠭᠡᠵᠢᠨ ᠳᠡᠭᠡᠨ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠣᠭ | ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠭᠲᠠᠭᠠᠵᠤ᠂ ᠨᠢᠭᠡ ᠲᠠᠩᠬᠢᠮ ᠳᠤ ᠴᠤᠭᠯᠠᠷᠠᠨ᠂ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ | ᠭᠦᠢᠴᠡᠳᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠶᠡᠭᠡ ᠪᠣᠳᠣᠯᠭ᠎ᠠ ᠶᠢ | ᠬᠠᠮᠲᠤ ᠪᠠᠷ ᠰᠦᠪᠡᠭᠴᠢᠯᠡᠪᠡ᠃ | ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠶ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ 216 ᠬᠥᠮᠦᠨ᠂ ᠪᠣᠳᠠᠲᠠᠶ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ 186 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ | ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢ ᠢᠦᠢ | ᠹᠧᠩ ᠡᠷᠬᠢᠯᠡᠪᠡ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠳ᠋ᠢᠩ ᠺᠠᠢ᠂ ᠪᠠᠢ ᠶᠦᠨ ᠰᠢ᠂ | ᠯᠢ ᠢᠦᠢ ᠹᠧᠩ᠂ ᠵᠠᠩ ᠴᠢᠶᠠᠩ᠂ ᠪᠥᠸᠧ ᠺᠧ᠂ ᠰᠣᠶᠣᠯᠲᠤ᠂ ᠳ᠋ᠠᠩ ᠢ ᠸᠧᠢ᠂ ᠵᠢᠶᠠ ᠰᠢᠶᠤᠤ ᠯᠢᠶᠠᠩ ᠵᠢᠴᠢ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠮᠠ ᠴᠢᠤᠸᠠᠨ ᠸᠠᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠦᠳᠡ ᠶᠢᠨ ᠡᠮᠦᠨᠡᠬᠢ 9 ᠴᠠᠭ ᠲᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ ᠯᠢ ᠢᠦᠢ ᠹᠧᠩ᠄ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ | ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ | ᠳᠠᠭᠤᠯᠠᠪᠠ᠃ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠢᠯᠡᠳᠬᠡᠯ ᠢ ᠬᠤᠶᠠᠷ ᠬᠡᠰᠡᠭ | ᠬᠤᠪᠢᠶᠠᠵᠤ᠂ 2024 ᠣᠨ ᠤ ᠠᠵᠢᠯ ᠤᠨ ᠡᠷᠭᠢᠴᠡᠭᠦᠯᠦᠯ ᠪᠠ 2025 ᠣᠨ ᠤ ᠠᠵᠢᠯ ᠤᠨ ᠲᠣᠬᠢᠷᠠᠭᠤᠯᠤᠯᠲᠠ | ᠪᠠᠭᠲᠠᠨ᠎ᠠ᠃ | ᠪᠠᠢ ᠶᠦᠨ ᠰᠢ᠂ ᠥᠩᠭᠡᠷᠡᠭᠰᠡᠨ ᠨᠢᠭᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 | ᠵᠢᠯ ᠤᠨ ᠤᠢ ᠪᠣᠯᠤᠨ᠎ᠠ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠨᠡᠩ ᠨᠠᠷᠢᠨ | ᠪᠤᠳᠤᠯᠢᠶᠠᠨᠲᠠᠢ ᠣᠷᠴᠢᠨ ᠲᠣᠭᠤᠷᠢᠨ ᠤ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠪᠤᠭᠤᠲᠤ ᠳᠤ ᠲᠠᠯᠪᠢᠭᠰᠠᠨ ︽ᠨᠢᠭᠡ ᠰᠢᠨ᠎ᠡ ᠶᠢ ᠡᠭᠦᠳᠴᠦ᠂ | ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠲᠤᠭᠤᠷᠢᠭ ᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ | ᠲᠠᠯᠪᠢᠬᠤ ᠪᠠ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠳᠡᠮᠵᠢᠯᠭᠡ ᠳᠣᠣᠷ᠎ᠠ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠨᠢᠭᠡ | ᠲᠠᠯ᠎ᠠ ᠪᠠᠷ ᠥᠷᠢ ᠥᠭᠴᠡᠭᠡ ᠶᠢ ᠠᠷᠢᠯᠭᠠᠬᠤ ᠶᠢ ᠠᠳᠬᠤᠵᠤ᠂ ᠨᠢᠭᠡ ᠲᠠᠯ᠎ᠠ ᠪᠠᠷ ᠬᠥᠭᠵᠢᠯᠲᠡ ᠶᠢ ᠠᠳᠬᠤᠵᠤ᠂ ᠴᠢᠨᠠᠷ | ᠰᠠᠶᠢᠲᠠᠢ ᠬᠥᠭᠵᠢᠯᠲᠡ ᠶᠢᠨ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠪᠦᠬᠦ ᠵᠢᠯ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 8.4% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 17.1% ᠪᠠᠷ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 21.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 5.8% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 7.8% ᠪᠠᠷ ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5% ᠣᠷᠴᠢᠮ ᠨᠡᠮᠡᠭᠳᠡᠵᠦ᠂ ᠶᠡᠷᠦᠩᠬᠡᠶ ᠬᠡᠮᠵᠢᠶ᠎ᠡ ᠲᠡᠦᠬᠡᠲᠦ ᠴᠢᠨᠠᠷᠲᠠᠶ | ᠪᠥᠬᠦ ᠬᠤᠲᠠ ᠶᠢᠨ ᠨᠢᠭᠡᠳᠦᠭᠡᠷ ᠲᠤ ᠣᠷᠣᠪᠠ ᠭᠡᠵᠦ ᠬᠡᠯᠡᠪᠡ᠃ | ᠪᠠᠢ ᠶᠦᠨ ᠰᠢ᠂ ᠥᠩᠭᠡᠷᠡᠭᠰᠡᠨ ᠨᠢᠭᠡ ᠵᠢᠯ ᠳᠤ᠂ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠪᠠ᠄ ᠪᠣᠳᠠᠲᠤ ᠴᠣᠭᠴᠠ ᠶᠢ ᠬᠦᠴᠦᠷᠬᠡᠭᠵᠢᠭᠦᠯᠬᠦ᠂ ᠬᠡᠷᠡᠭᠯᠡᠭᠡ ᠶᠢ ᠠᠬᠢᠭᠤᠯᠬᠤ᠂ | ᠠᠵᠤ ᠦᠢᠯᠡᠰ ᠤᠨ ᠰᠦᠷᠦᠭᠵᠢᠯ ᠢ ᠲᠦᠷᠭᠡᠨ ᠪᠤᠵᠠᠭᠠᠶᠢᠷᠠᠭᠤᠯᠬᠤ ᠶᠢ ᠪᠠᠷᠢᠮᠲᠠᠯᠠᠵᠦ︔ ᠰᠢᠨ᠎ᠡ ᠶᠢ ᠡᠭᠦᠳᠬᠦ ᠶᠢ | ᠠᠳᠬᠤᠬᠤ᠂ ᠲᠦᠷᠦᠯ ᠵᠦᠢᠯ ᠢ ᠰᠦᠪᠡᠭᠴᠢᠯᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠬᠦ | ᠲᠠᠯ᠎ᠠ ᠪᠠᠷ ᠪᠠᠳᠠᠷᠠᠭᠤᠯᠪᠠ ᠭᠡᠵᠦ ᠬᠡᠯᠡᠪᠡ᠃ | ᠪᠠᠢ ᠶᠦᠨ ᠰᠢ᠂ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ᠂ ᠲᠤᠭ ᠢᠶᠠᠨ ᠡᠷᠭᠦᠵᠦ ᠴᠢᠭᠯᠡᠯ ᠢ | ᠵᠢᠭᠠᠭᠰᠠᠨ ᠵᠢᠯᠤᠭᠤᠳᠤᠯᠭ᠎ᠠ ᠶᠢᠨ ᠠᠴᠢ ᠶᠤᠮ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ | ᠣᠨᠣᠪᠴᠢᠲᠠᠢ ᠤᠳᠤᠷᠢᠳᠤᠯᠭ᠎ᠠ᠂ ᠬᠠᠯᠠᠮᠵᠢᠯᠠᠯ ᠳᠡᠮᠵᠢᠯᠭᠡ ᠶᠢᠨ ᠠᠴᠢ ᠶᠤᠮ᠂ ᠲᠤᠭᠤᠷᠢᠭ ᠤᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠪᠣᠯᠤᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠦᠬᠦ ᠬᠦᠴᠦᠨ ᠢᠶᠠᠷ ᠢᠶᠠᠨ ᠳᠡᠮᠵᠢᠭᠰᠡᠨ ᠤ ᠠᠴᠢ ᠶᠤᠮ᠂ ᠪᠦᠬᠦ | ᠲᠤᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠠᠷᠠᠳ ᠤᠯᠠᠨ ᠤ ᠰᠢᠷᠭᠠᠭᠤ ᠬᠠᠲᠠᠭᠤᠵᠢᠯᠲᠠᠢ | ᠲᠡᠮᠡᠴᠡᠭᠰᠡᠨ ᠠᠴᠠ ᠪᠣᠯᠤᠭᠰᠠᠨ ᠶᠤᠮ᠃ ᠪᠠᠢ ᠶᠦᠨ ᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠡᠨᠡ ᠬᠦ ᠠᠬᠢᠴᠠ ᠶᠢ ᠵᠣᠪᠠᠭᠤᠷᠢ ᠵᠦᠳᠡᠭᠦᠷᠢ ᠶᠢ ᠨᠢ ᠠᠬᠢᠭᠤᠯᠤᠭᠰᠠᠨ ᠪᠤᠢ ᠪᠦᠬᠦᠢ ᠣᠷᠣᠯᠴᠠᠭᠴᠢ᠂ | ᠬᠤᠪᠢ ᠨᠡᠮᠡᠷᠢ ᠦᠵᠡᠭᠦᠯᠦᠭᠴᠢ᠂ ᠳᠡᠮᠵᠢᠭᠴᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ᠭᠡᠵᠦ ᠬᠡᠯᠡᠪᠡ︕ | | ᠪᠠᠢ ᠶᠦᠨ ᠰᠢ ᠮᠡᠳᠡᠭᠦᠯᠦᠯᠲᠡ ᠳᠡᠭᠡᠨ᠂ 2025 ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰᠬᠦ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠢᠯᠡᠳᠬᠡᠯ ᠤᠨ | ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠪᠤᠭᠤᠲᠤ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ | ᠬᠥᠳᠡᠯᠭᠡᠬᠦ ᠬᠦᠴᠦᠨ ᠪᠣᠯᠭᠠᠵᠤ᠂ ︽ᠲᠤᠯᠤᠭᠠᠨ ᠰᠢᠨ᠎ᠡ ᠴᠢᠩᠱᠠᠨ︾ ᠤ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ | ᠯᠠᠪᠳᠠᠭᠤᠨ ᠪᠠᠲᠤᠲᠠᠶ ᠲᠣᠭᠲᠠᠭᠠᠵᠤ᠂ ︽ᠰᠢᠢᠳᠪᠤᠷᠢᠯᠡᠬᠦ ᠰᠡᠳᠬᠢᠬᠦᠶ ᠲᠠᠢ ᠪᠠᠶᠢᠬᠤ︾ ᠶᠢ ᠰᠡᠳᠦᠪ ᠵᠠᠳᠠᠯᠬᠤ | ᠰᠡᠳᠬᠢᠬᠦᠶ ᠶᠢᠨ ᠠᠷᠭ᠎ᠠ ᠬᠡᠯᠪᠡᠷᠢ ᠪᠠ ᠠᠵᠢᠯ ᠤᠨ ᠠᠷᠭ᠎ᠠ ᠮᠠᠶ᠋ᠢᠭ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ | ᠲᠦᠭᠵᠢᠷᠡᠯ ᠬᠦᠴᠢᠷᠳᠡᠯ ᠢ ᠬᠦᠴᠦᠯᠡᠨ ᠨᠡᠪᠲᠡᠷᠡᠭᠦᠯᠵᠦ᠂ ᠠᠵᠤ ᠠᠬᠤᠶ ᠶᠢᠨ ᠲᠣᠭᠲᠠᠭᠤᠨ ᠤ ᠳᠤᠮᠳᠠ ᠲᠦᠷᠭᠡᠨ | ᠤᠷᠤᠭᠰᠢᠯᠠᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠠᠶᠢᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠥᠭᠭᠦᠨ᠎ᠡ ᠭᠡᠵᠦ ᠵᠢᠭᠠᠨ ᠭᠠᠷᠭᠠᠭᠰᠠᠨ | ᠪᠠᠶᠢᠨ᠎ᠠ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 8% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 14% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 18% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠯᠦᠭᠡ | ᠦᠨᠳᠦᠰᠦᠨ ᠳᠡᠭᠡᠨ ᠠᠳᠠᠯᠢ ᠪᠣᠯᠭᠠᠨ᠎ᠠ᠃ ᠡᠨᠡ ᠵᠢᠯ ᠤᠨ ᠠᠵᠢᠯ ᠤᠨ ᠡᠭᠦᠷᠭᠡ ᠶᠢ ᠰᠠᠶᠢᠲᠤᠷ ᠬᠢᠬᠦ ᠳᠤ ᠵᠢᠷᠭᠤᠭᠠᠨ | ᠲᠠᠯ᠎ᠠ ᠶᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠄ ᠨᠢᠭᠡ ᠳᠤ ᠠᠵᠤ ᠦᠢᠯᠡᠰ ᠤᠨ ᠳᠡᠰ ᠳᠡᠪᠰᠢᠬᠦ ᠶᠢ | ᠦᠷᠭᠦᠯᠵᠢᠯᠡᠨ ᠠᠬᠢᠭᠤᠯᠵᠤ᠂ ᠬᠡᠯᠪᠡᠷᠢ ᠪᠠᠨ ᠬᠤᠪᠢᠷᠠᠭᠤᠯᠬᠤ ᠬᠠᠨᠳᠤᠰᠢ ᠪᠠᠷ ᠬᠥᠭᠵᠢᠯᠲᠡ ᠶᠢᠨ ᠪᠠᠶᠢᠳᠠᠯ ᠢ ᠡᠪᠳᠡᠬᠦ | ᠬᠡᠷᠡᠭᠲᠡᠶ︔ ᠬᠤᠶᠠᠷ ᠲᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠬ᠎ᠠ | ᠳᠡᠯᠭᠡᠭᠦᠷ ᠢᠶᠠᠷ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠨ᠎ᠡ︔ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠦᠷᠭᠦᠯᠵᠢᠯᠡᠨ ᠠᠬᠢᠭᠤᠯᠵᠤ᠂ ᠬᠠᠶᠢᠨ ᠰᠦᠪᠡᠭᠴᠢᠯᠡᠬᠦ ᠪᠠᠷ ᠬᠥᠭᠵᠢᠯᠲᠡ ᠶᠢᠨ ᠰᠠᠭᠤᠷᠢ ᠶᠢ ᠪᠠᠶᠢᠭᠤᠯᠤᠨ᠎ᠠ︔ | ᠲᠦᠷᠪᠡ ᠳᠤ᠂ ᠬᠤᠳᠠ ᠬᠥᠳᠡᠭᠡ ᠶᠢᠨ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠶᠠᠰᠤ ᠴᠢᠨᠠᠷ ᠤᠨ | ᠳᠠᠪᠰᠢᠯᠲᠠ ᠪᠠᠷ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠲᠠᠪᠤ ᠳᠤ᠂ ᠬᠠᠮᠲᠤ ᠪᠠᠷ ᠪᠠᠶᠠᠵᠢᠬᠤ ᠶᠢ | ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠰᠡᠯᠲᠡ ᠪᠠᠷ ᠬᠥᠭᠵᠢᠯᠲᠡ ᠶᠢᠨ ᠬᠦᠴᠢᠷᠳᠡᠯ ᠢ | ᠰᠢᠢᠳᠪᠦᠷᠢᠯᠡᠨ᠎ᠡ︔ ᠵᠢᠷᠭᠤᠭ᠎ᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠠᠬᠢᠭᠤᠯᠵᠤ᠂ ᠰᠤᠷᠲᠠᠯ ᠤᠨ | ᠬᠤᠪᠢᠷᠠᠯᠲᠠ ᠪᠠᠷ ᠬᠥᠭᠵᠢᠯᠲᠡ ᠶᠢᠨ ᠠᠰᠠᠭᠤᠯᠲᠠ ᠶᠢ ᠬᠠᠷᠢᠭᠤᠯᠤᠨ᠎ᠠ᠃ | ᠪᠠᠢ ᠶᠦᠨ ᠰᠢ ᠬᠠᠮᠤᠭ ᠤᠨ ᠰᠡᠭᠦᠯ ᠳᠤ᠂ ᠰᠠᠯᠬᠢ ᠶᠠᠭ ᠰᠠᠶᠢᠬᠠᠨ ᠴᠠᠭ ᠦᠶ᠎ᠡ ᠳᠡᠭᠡᠨ ᠪᠠᠶᠢᠨ᠎ᠠ᠂ ᠳᠠᠪᠠᠯᠭᠠᠨ ᠢ | ᠵᠦᠰᠦᠨ ᠤᠷᠤᠭᠰᠢᠯᠠᠨ᠎ᠠ᠂ ᠡᠭᠦᠷᠭᠡ ᠬᠦᠨᠳᠦ ᠵᠠᠮ ᠬᠤᠯᠠ ᠪᠠᠶᠢᠵᠤ᠂ ᠨᠡᠩ ᠴᠤ ᠬᠤᠷᠳᠤᠨ ᠮᠣᠷᠢᠨ ᠳᠤ ᠲᠠᠰᠢᠭᠤᠷ | ᠨᠡᠮᠡᠬᠦ ᠴᠢᠬᠤᠯᠠ ᠲᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠤᠭᠤᠷᠢᠭ ᠤᠨ | ᠠᠷᠠᠳ ᠲᠦᠮᠡᠨ ᠢ ᠴᠢᠩᠭ᠎ᠠ ᠲᠦᠰᠢᠭᠯᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠡᠷᠡᠯᠬᠡᠭᠯᠡᠨ | ᠤᠷᠤᠭᠰᠢᠯᠠᠵᠤ᠂ ᠪᠦᠯᠬᠦᠮᠳᠡᠨ ᠨᠢᠭᠡᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠩᠱᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ ᠭᠡᠵᠦ ᠬᠡᠯᠡᠪᠡ︕ | ᠪᠦᠬᠦ ᠲᠥᠯᠥᠭᠡᠯᠡᠭᠴᠢᠳ ᠪᠠᠢ ᠶᠦᠨ ᠰᠢ ᠶᠢᠨ ᠬᠢᠭᠰᠡᠨ ᠢᠯᠡᠳᠬᠡᠯ ᠳᠤ ᠬᠠᠯᠠᠭᠤᠨ ᠠᠯᠠᠭ᠎ᠠ ᠲᠠᠰᠢᠯᠲᠠ ᠪᠠᠨ | ᠢᠯᠡᠳᠬᠡᠪᠡ᠃ | ᠶᠡᠭᠡ ᠬᠤᠷᠠᠯ ᠠᠴᠠ ᠴᠢᠩᠱᠠᠨ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ᠂ | ᠴᠢᠩᠱᠠᠨ ᠲᠣᠭᠤᠷᠢᠭ ᠤᠨ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ | 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ᠂ ᠴᠢᠩᠱᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ ᠶᠢ ᠪᠢᠴᠢᠭ ᠢᠶᠠᠷ ᠳᠠᠷᠤᠮᠠᠯᠯᠠᠨ | ᠲᠠᠷᠬᠠᠭᠠᠵᠤ᠂ ᠲᠥᠯᠥᠭᠡᠯᠡᠭᠴᠢᠳ ᠲᠤ ᠬᠢᠨᠠᠨ ᠪᠠᠶᠢᠴᠠᠭᠠᠯᠭᠠᠬᠤ ᠪᠠᠷ ᠳᠡᠪᠰᠢᠭᠦᠯᠪᠡ᠃ | ᠲᠤᠰ ᠡᠳᠦᠷ ᠬᠤᠷᠠᠯ ᠳᠤ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠤᠯᠠ ᠣᠷᠣᠯᠴᠠᠭᠰᠠᠳ᠂ ᠤᠯᠤᠰ | ᠲᠥᠷᠥ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠣᠯᠤᠨ ᠰᠤᠯᠠ ᠣᠷᠣᠯᠴᠠᠭᠰᠠᠳ ᠰᠤᠯᠠ ᠤᠷᠤᠯᠴᠠᠭᠰᠠᠨ | ᠪᠠᠶᠢᠨ᠎ᠠ᠃ | | | | | | |