ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/23
      1 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠬᠤᠶᠠᠳᠤᠭᠠᠷ ᠪᠥᠬᠦᠳᠡ ᠬᠤᠷᠠᠯ ᠬᠤᠷᠠᠯᠳᠤᠭᠤᠯᠵᠤ᠂ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠪᠡ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠬᠤᠷᠠᠯ ᠳᠤ ᠣᠷᠣᠯᠴᠠᠵᠤ ᠪᠠᠶᠠᠷ ᠬᠦᠷᠭᠡᠪᠡ᠃      ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠮᠠ ᠴᠢᠤᠸᠠᠨ ᠸᠠᠩ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠾᠧᠩ᠂ ᠬᠤᠶᠠᠭ᠂ ᠵᠠᠩ ᠯᠢ ᠬᠤᠩ᠂ ᠵᠠᠩ ᠯᠢᠩ ᠳ᠋ᠢ᠂ ᠨᠠᠷᠢᠨ ᠪᠢᠴᠢᠭ ᠤᠨ ᠳᠠᠷᠤᠭ᠎ᠠ ᠵᠠᠩ ᠬᠠᠢ ᠵᠢᠶᠦ᠋ᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠶ ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠦᠷᠢᠶᠡᠯᠡᠩ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠡᠷᠬᠢᠯᠡᠭᠴᠢ ᠵᠠᠩ ᠴᠢᠶᠠᠩ ᠵᠢᠴᠢ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠬᠤᠶᠠᠭ ᠲᠡᠭᠦᠰᠬᠦ ᠬᠤᠷᠠᠯ ᠢ ᠡᠷᠬᠢᠯᠡᠪᠡ᠃      ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 205 ᠬᠥᠮᠦᠨ᠂ ᠪᠣᠳᠠᠲᠠᠢ ᠣᠷᠣᠯᠴᠠᠭᠰᠠᠨ ᠨᠢ 175 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃      ᠬᠤᠷᠠᠯᠳᠤᠭᠠᠨ ᠠᠴᠠ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ᠂ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠪᠠ᠃      ᠮᠠ ᠴᠢᠤᠸᠠᠨ ᠸᠠᠩ᠂ ᠡᠨᠡ ᠤᠳᠠᠭ᠎ᠠ ᠶᠢᠨ ᠶᠡᠭᠡ ᠬᠤᠷᠠᠯ ᠪᠣᠯ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ‌‍ᠲ᠋ᠤᠭᠤᠰᠢᠯᠠᠭᠤᠯᠵᠦ᠂ ︽ᠲᠤᠯᠤᠭᠠᠨ ᠰᠢᠨ᠎ᠡ ᠴᠢᠩᠱᠠᠨ︾ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠣᠨ᠎ᠠ᠃ ᠬᠤᠷᠠᠯ ᠤᠨ ᠬᠤᠭᠤᠴᠠᠭᠠᠨ ᠳᠤ᠂ ᠥᠷᠭᠡᠨ ᠤᠯᠠᠨ ᠭᠡᠰᠢᠭᠦᠳ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ᠂ ᠤᠶᠤᠨ ᠤᠬᠠᠭᠠᠨ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠬᠦ ᠥᠪᠡᠷᠮᠢᠴᠡ ᠳᠠᠪᠠᠭᠤᠯᠢᠭ ᠢ ᠭᠦᠢᠴᠡᠳ ᠢᠯᠡᠷᠡᠭᠦᠯᠵᠦ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠰᠡᠳᠬᠢᠯᠭᠡ ᠪᠠᠷ ᠢᠶᠠᠨ ᠬᠥᠭᠵᠢᠯᠲᠡ ᠲᠠᠢ ᠬᠤᠯᠪᠣᠭᠰᠠᠨ ᠬᠠᠷᠢᠭᠤᠴᠠᠯᠭ᠎ᠠ ᠡᠭᠦᠷᠭᠡᠯᠡᠬᠦ ᠰᠡᠳᠬᠢᠯᠭᠡ ᠶᠢ ᠭᠦᠢᠴᠡᠳ ᠢᠯᠡᠷᠡᠭᠦᠯᠪᠡ᠃ ᠲᠤᠭ ᠢᠶᠠᠨ ᠥᠨᠳᠥᠷ ᠮᠠᠨᠳᠤᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ ᠨᠢᠭᠡ ᠤᠳᠠᠭᠠᠨ ᠤ ᠶᠡᠭᠡ ᠬᠤᠷᠠᠯ ᠮᠥᠨ᠂ ᠨᠢᠭᠡ ᠤᠳᠠᠭᠠᠨ ᠤ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠰᠢᠨ᠎ᠡ ᠪᠠᠶᠢᠳᠠᠯ ᠢ ᠡᠭᠦᠳᠦᠭᠰᠡᠨ ᠶᠡᠭᠡ ᠬᠤᠷᠠᠯ ᠮᠥᠨ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠤᠢ ᠪᠦᠬᠦᠢ ᠨᠥᠬᠦᠳ ᠪᠣᠯᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠠᠭᠤᠰᠤᠯᠴᠠᠵᠤ᠂ ᠶᠡᠭᠡ ᠲᠠᠯ᠎ᠠ ᠳᠤ ᠦᠢᠯᠡᠴᠢᠯᠡᠵᠦ᠂ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃      ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠠ ᠴᠢᠤᠸᠠᠨ ᠸᠠᠩ ᠲᠠᠪᠤᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠬᠦᠴᠦᠯᠡᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠯ᠎ᠡ ᠵᠦᠶ᠋ᠯ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢᠨ ᠲᠣᠭᠤᠷᠢᠨ ᠳᠤ᠂ ᠤᠯᠤᠰ ᠲᠥᠷᠥ ᠶᠢᠨ ᠵᠥᠪᠯᠡᠯᠭᠡᠨ ᠤ ᠭᠤᠷᠪᠠᠨ ᠶᠡᠭᠡ ᠡᠭᠦᠷᠭᠡ ᠴᠢᠳᠠᠪᠤᠷᠢ ᠬᠢᠭᠡᠳ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠭᠤᠤᠯᠳᠠᠯᠭ᠎ᠠ ᠶᠢ ᠣᠷᠭᠠᠨᠢᠭ ᠢᠶᠠᠷ ᠤᠶᠠᠯᠳᠤᠭᠤᠯᠵᠤ᠂ ᠣᠷᠣᠯᠴᠠᠬᠤ ᠳᠤᠮᠳᠠ ᠳᠡᠮᠵᠢᠬᠦ᠂ ᠳᠡᠮᠵᠢᠬᠦ ᠳᠤᠮᠳᠠ ᠦᠢᠯᠡᠴᠢᠯᠡᠬᠦ᠂ ᠦᠢᠯᠡᠴᠢᠯᠡᠬᠦ ᠳᠤᠮᠳᠠ ᠬᠦᠴᠦᠨ ᠨᠡᠮᠡᠷᠢᠯᠡᠬᠦ ᠶᠢ ᠪᠡᠶᠡᠯᠡᠭᠦᠯᠬᠦ ᠬᠡᠷᠡᠭᠲᠡᠶ᠃ ᠬᠤᠶᠠᠷ ᠲᠤ᠂ ᠨᠠᠮ ᠵᠠᠰᠠᠭ ᠤᠨ ᠭᠤᠣᠯ ᠠᠵᠢᠯ ᠳᠤ ᠢᠮᠠᠭᠲᠠ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠶᠡᠷᠦᠩᠬᠡᠢ ᠴᠢᠭᠯᠡᠯ᠂ ᠶᠡᠷᠦᠩᠬᠡᠢ ᠬᠠᠷᠠᠯᠲᠠ᠂ ᠶᠡᠷᠦᠩᠬᠡᠢ ᠡᠭᠦᠷᠭᠡ ᠶᠣᠰᠣᠭᠠᠷ᠂ ︽ᠲᠤᠯᠤᠭᠠᠨ ᠰᠢᠨ᠎ᠡ ᠴᠢᠩᠱᠠᠨ︾ ᠤ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠠᠲᠤᠲᠠᠢ ᠲᠣᠭᠲᠠᠭᠠᠵᠤ᠂ ︽ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠬᠦ᠂ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠴᠡᠴᠡᠭᠯᠡᠬᠦ᠂ ᠰᠤᠷᠭᠠᠨ ᠬᠥᠮᠦᠵᠢᠯ ᠡᠮ ᠡᠮᠨᠡᠯᠭᠡ ᠰᠣᠶᠣᠯ ᠤᠨ ᠥᠨᠳᠦᠷᠯᠢᠭ ᠢ ᠳᠡᠭᠡᠭᠰᠢᠯᠡᠭᠦᠯᠬᠦ︾ ᠵᠡᠷᠭᠡ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠯᠡᠯᠭᠡ ᠥᠭᠬᠦ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠴᠢᠳᠠᠬᠤ ᠶᠢᠨ ᠬᠢᠷᠢ ᠪᠠᠷ ᠬᠥᠭᠵᠢᠯᠲᠡ ᠶᠢ ᠠᠬᠢᠭᠤᠯᠬᠤ ︽ᠰᠠᠶᠢᠨ ᠴᠡᠭ︾᠂ ᠬᠦᠴᠢᠷ ᠲᠦᠪᠡᠭᠲᠡᠢ ︽ᠠᠯᠳᠠᠨ ᠲᠦᠯᠬᠢᠭᠦᠷ︾ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠲᠤ ᠠᠰᠢᠭᠲᠠᠢ ᠦᠭᠡ ᠶᠢ ᠢᠯᠡᠭᠦᠬᠡᠨ ᠬᠡᠯᠡᠵᠦ᠂ ᠠᠷᠠᠳ ᠲᠤ ᠠᠰᠢᠭ ᠬᠦᠷᠲᠡᠭᠡᠬᠦ ᠠᠷᠭ᠎ᠠ ᠪᠣᠳᠣᠯᠭ᠎ᠠ ᠶᠢ ᠢᠯᠡᠭᠦᠬᠡᠨ ᠰᠦᠪᠡᠭᠴᠢᠯᠡᠨ᠎ᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠰᠠᠨᠠᠭ᠎ᠠ ᠶᠢ ᠲᠤᠰᠬᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠣᠭᠤᠷᠢᠨ ᠳᠤ᠂ ᠭᠡᠰᠢᠭᠦᠳ ᠤᠨ ᠲᠥᠯᠥᠭᠡᠯᠡᠬᠦ ᠴᠢᠨᠠᠷ ᠢᠶᠠᠷ ᠴᠢᠩᠭ᠎ᠠ᠂ ᠬᠠᠷᠢᠯᠴᠠᠬᠤ ᠬᠡᠪᠴᠢᠶ᠎ᠡ ᠪᠠᠷ ᠥᠷᠭᠡᠨ᠂ ᠪᠠᠭᠲᠠᠭᠠᠮᠵᠢᠲᠤ ᠴᠢᠨᠠᠷ ᠢᠶᠠᠷ ᠶᠡᠭᠡ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠨᠢᠭᠤᠷᠳᠠᠨ ᠵᠥᠪᠳᠡᠯᠴᠡᠬᠦ︾᠂ ︽ᠤᠯᠤᠰ ᠲᠦᠷᠦ ᠶᠢᠨ ᠵᠥᠪᠯᠡᠯᠭᠡᠨ ᠤ ᠰᠢᠭᠦᠬᠦ ᠬᠤᠷᠢᠶ᠎ᠠ︾ ᠶᠢᠨ ᠤᠯᠠᠨ ᠡᠰᠢᠴᠢᠯᠡᠭᠰᠡᠨ ᠳᠠᠪᠠᠭᠤᠯᠢᠭ ᠪᠠ ᠪᠦᠲᠦᠮᠵᠢᠲᠡᠢ ᠠᠷᠭ᠎ᠠ ᠵᠠᠮ ᠢᠶᠠᠷ ᠳᠠᠮᠵᠢᠭᠤᠯᠤᠨ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠵᠦ᠂ ᠤᠬᠠᠮᠰᠠᠷ ᠠᠴᠠ ᠪᠠᠨ ᠰᠠᠶᠢᠨ ᠳᠤᠷ᠎ᠠ ᠠᠴᠠ ᠪᠠᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠰᠤᠷᠭᠠᠨ ᠬᠥᠮᠦᠵᠢᠯ ᠤᠨ ᠥᠨᠳᠦᠷᠯᠢᠭ᠂ ᠡᠮᠴᠢᠯᠡᠭᠡᠨ ᠤ ᠥᠨᠳᠦᠷᠯᠢᠭ᠂ ᠰᠣᠶᠣᠯ ᠤᠨ ᠥᠨᠳᠦᠷᠯᠢᠭ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠬᠡᠷᠡᠭᠲᠡᠢ᠃ ᠲᠦᠷᠪᠡ ᠳᠤ᠂ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠢᠮᠠᠭᠲᠠ ᠰᠠᠶᠢᠲᠤᠷ ᠵᠢᠷᠤᠵᠤ᠂ ᠪᠦᠯᠬᠦᠮᠳᠡᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠲᠤᠭᠤᠷᠢᠭ ᠤᠨ ᠨᠠᠮ ᠤᠨ ᠬᠤᠷᠢᠶ᠎ᠠ ᠶᠢ ᠢᠳᠡᠪᠬᠢᠲᠡᠢ ᠬᠠᠪᠰᠤᠷᠤᠨ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ᠂ ᠬᠦᠴᠦᠨ ᠴᠢᠳᠠᠯ ᠢ ᠬᠤᠷᠠᠮᠳᠤᠭᠤᠯᠬᠤ ᠠᠵᠢᠯ ᠢ ᠰᠠᠶᠢᠲᠤᠷ ᠬᠢᠵᠦ᠂ ᠲᠤᠭᠤᠷᠢᠭ ᠤᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠶᠡᠬᠡᠪᠡᠷ ᠤᠬᠠᠭᠤᠯᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠲᠤᠭᠤᠰᠢᠯᠠᠭᠤᠯᠵᠦ᠂ ᠡᠯ᠎ᠡ ᠨᠠᠮ ᠪᠦᠯᠦᠭ ᠪᠦᠯᠬᠦᠮ᠂ ᠡᠯ᠎ᠡ ᠡᠲᠡᠭᠡᠳ ᠤᠨ ᠪᠤᠰᠤᠳ ᠬᠥᠮᠦᠰ ᠲᠠᠢ ᠬᠠᠷᠢᠯᠴᠠᠬᠤ ᠪᠠᠨ ᠴᠢᠩᠭᠠᠳᠬᠠᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠳᠠᠪᠬᠤᠷᠭ᠎ᠠ ᠯᠤᠭ᠎ᠠ ᠶᠢᠨ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠯᠬᠦᠮᠳᠡᠨ ᠲᠡᠮᠡᠴᠡᠬᠦ ᠬᠠᠮᠲᠤᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠡᠶ᠎ᠡ ᠵᠣᠬᠢᠴᠠᠩᠭᠤᠢ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠲᠠᠪᠤ ᠳᠤ᠂ ᠡᠮᠦᠨ᠎ᠡ ᠹᠷᠣᠨᠲ ᠤᠨ ᠠᠵᠢᠯ ᠤᠨ ᠠᠷᠭ᠎ᠠ ᠶᠢ ᠢᠮᠠᠭᠲᠠ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠪᠣᠯᠤᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠨᠣᠯ ᠢ ᠨᠠᠷᠢᠨ ᠬᠢᠨᠠᠮᠠᠭᠠᠶ ᠰᠤᠷᠤᠯᠴᠠᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠢᠭᠠᠪᠤᠷᠢ ᠪᠣᠯᠤᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠬᠠᠲᠠᠭᠤ ᠴᠢᠩᠭ᠎ᠠ ᠬᠡᠪ ᠴᠢᠨᠠᠷ ᠪᠣᠯᠤᠨ ᠬᠢᠷᠢ ᠬᠡᠮᠵᠢᠶ᠎ᠡ ᠪᠠᠷ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠳᠤᠮᠳᠠ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠡᠲᠡᠭᠡᠳ ᠤᠨ ᠢᠯᠭᠠᠯ ᠤᠨ ᠣᠯᠠᠨ ᠲᠦᠮᠡᠨ ᠤ ᠳᠤᠮᠳᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠣᠷᠣᠯᠴᠠᠭᠴᠢ᠂ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠪᠥᠬᠦ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ ᠲᠡᠭᠦᠰᠪᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号