ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/23
      1 ᠰᠠᠷ᠎ᠠ ᠶᠢᠨ 22 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠲᠣᠭᠤᠷᠢᠭ ᠤᠨ ᠨᠠᠮ ᠵᠠᠰᠠᠭ ᠤᠨ ᠲᠤᠮᠤ ᠠᠰᠠᠷ ᠤᠨ 500 ᠬᠥᠮᠦᠨ ᠤ ᠬᠤᠷᠠᠯ ᠤᠨ ᠲᠢᠩᠬᠢᠮ ᠳᠤ ᠤᠷᠢᠳ ᠬᠤᠵᠢᠳ ᠭᠤᠷᠪᠠᠳᠤᠭᠠᠷ ᠤᠳᠠᠭ᠎ᠠ᠂ ᠳᠥᠷᠪᠡᠳᠦᠭᠡᠷ ᠪᠦᠬᠦᠳᠡ ᠬᠤᠷᠠᠯ ᠢ ᠬᠤᠷᠠᠯᠳᠤᠭᠤᠯᠵᠤ᠂ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠ ᠲᠠᠢ ᠲᠡᠭᠦᠰᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠳ᠋ᠢᠩ ᠺᠠᠢ᠂ ᠪᠠᠢ ᠶᠦᠨ ᠰᠢ᠂ ᠯᠢ ᠢᠦᠢ ᠹᠧᠩ᠂ ᠵᠠᠩ ᠴᠢᠶᠠᠩ᠂ ᠪᠥᠸᠧ ᠺᠧ᠂ ᠰᠣᠶᠣᠯᠲᠤ᠂ ᠳ᠋ᠠᠩ ᠢ ᠸᠧᠢ᠂ ᠵᠢᠶᠠ ᠰᠢᠶᠤᠤ ᠯᠢᠶᠠᠩ ᠵᠢᠴᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠮᠠ ᠴᠢᠤᠸᠠᠨ ᠸᠠᠩ ᠡᠮᠦᠨ᠎ᠡ ᠮᠥᠷ ᠲᠤ ᠰᠠᠭᠠᠲᠠᠪᠠ᠃ ᠪᠥᠸᠧ ᠺᠧ᠂ ᠯᠢ ᠢᠦᠢ ᠹᠧᠩ ᠲᠤᠰ ᠲᠤᠰ ᠭᠤᠷᠪᠠᠳᠤᠭᠠᠷ᠂ ᠳᠥᠷᠪᠡᠳᠦᠭᠡᠷ ᠪᠦᠬᠦᠳᠡ ᠬᠤᠷᠠᠯ ᠢ ᠡᠷᠬᠢᠯᠡᠪᠡ᠃      ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 216 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 181 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠲᠡᠭᠦᠰᠬᠦ ᠬᠤᠷᠠᠯ ᠠᠴᠠ ᠡᠮᠦᠨ᠎ᠡ᠂ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠭᠤᠷᠪᠠᠳᠤᠭᠠᠷ ᠪᠥᠬᠦᠳᠡ ᠬᠤᠷᠠᠯ ᠬᠤᠷᠠᠯᠳᠤᠭᠤᠯᠪᠠ᠃ ᠬᠤᠷᠠᠯ ᠠᠴᠠ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠲᠤᠯᠠᠵᠤ᠂ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠬᠠᠨ ᠰᠢᠶᠤᠤ ᠫᠢᠩ᠂ ᠯᠢᠦ ᠰᠢᠤᠸᠠᠢ ᠴᠢᠩ ᠢ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠴᠢᠶᠣᠤ ᡁᠢ᠂ ᠴᠠᠢ ᠵᠠᠨ ᠳ᠋ᠦᠩ᠂ ᠰᠢᠤᠢ ᠵᠢᠶᠠ ᠹᠦ᠋ ᠶᠢ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠲᠢᠶᠠᠨ ᠬᠠᠢ ᠪᠥᠸᠧ ᠶᠢ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠠᠷ ᠨᠥᠬᠦᠨ ᠰᠣᠩᠭᠤᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠲᠥᠯᠥᠭᠡᠯᠡᠭᠴᠢ ᠴᠢᠩᠱᠠᠨ ᠲᠣᠭᠤᠷᠢᠭ ᠤᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶᠡᠨ ᠤ ᠪᠠᠲᠤᠯᠠᠯᠲᠠ ᠬᠢᠵᠦ᠂ ᠪᠠᠲᠤᠯᠠᠭᠰᠠᠨ ᠦᠷ᠎ᠡ ᠳ᠋ᠦᠩ ᠨᠢ ᠬᠠᠨᠤᠮᠵᠢᠲᠠᠢ ᠪᠠᠶᠢᠵᠤ᠂ ᠰᠠᠭᠤᠭᠠᠯᠢ ᠠᠷᠠᠳ ‍ᠤᠨ‌ᠬᠠᠭᠤᠴᠢᠨ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠨ ᠪᠠᠶᠢᠭᠤᠯᠬᠤ ᠲᠦᠷᠦᠯ ᠵᠦᠢᠯ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ᠂ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠵᠡᠷᠭᠡ 10 ᠲᠦᠷᠦᠯ ᠵᠦᠢᠯ ᠢ ᠴᠢᠩᠱᠠᠨ ᠲᠣᠭᠤᠷᠢᠭ ᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠪᠢᠯᠧᠲ ᠥᠭᠴᠦ ᠪᠠᠲᠤᠯᠠᠪᠠ᠃      ᠰᠢᠨ᠎ᠡ ᠪᠠᠷ ᠰᠣᠩᠭᠤᠭᠳᠠᠭᠰᠠᠨ ᠬᠥᠮᠦᠰ ᠦᠨᠳᠦᠰᠦᠨ ᠬᠠᠤᠯᠢ ᠳᠤ  ᠲᠠᠩᠭᠠᠷᠢᠭᠯᠠᠪᠠ᠃ ᠬᠠᠨ ᠰᠢᠶᠤᠤ ᠫᠢᠩ ᠲᠠᠭᠠᠭᠤᠯᠤᠨ ᠲᠠᠩᠭᠠᠷᠢᠬᠯᠠᠪᠠ᠃      16 ᠴᠠᠭ 40 ᠮᠢᠨᠦ᠋ᠲ ᠲᠤ᠂ ᠲᠡᠭᠦᠰᠬᠦ ᠬᠤᠷᠠᠯ ᠡᠬᠢᠯᠡᠪᠡ᠃ ᠬᠤᠷᠠᠯ ᠠᠴᠠ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠴᠢᠩᠱᠠᠨ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ 2025 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠴᠢᠩᠱᠠᠨ ᠲᠣᠭᠤᠷᠢᠭ ᠤᠨ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2025 ᠣᠨ ᠤ ᠲᠥᠰᠦᠪ ᠤᠨ ᠲᠤᠬᠠᠢ ᠰᠢᠢᠳᠪᠦᠷᠢ᠂ ᠴᠢᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠴᠢᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠴᠢᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃      ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠢᠦᠢ ᠹᠧᠩ ᠲᠡᠭᠦᠰᠬᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠯᠢ ᠢᠦᠢ ᠹᠧᠩ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠥᠯᠥᠭᠡᠯᠡᠭᠴᠢᠳ ᠪᠣᠯᠤᠨ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠤᠨ ᠬᠤᠭᠤᠴᠠᠭᠠᠨ ᠳᠤ᠂ ᠪᠦᠬᠦ ᠲᠥᠯᠥᠭᠡᠯᠡᠭᠴᠢᠳ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠯᠡᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ᠂ ᠠᠷᠠᠳ ᠤᠨ ᠲᠥᠯᠥᠭᠡ ᠵᠢᠳᠬᠦᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠪᠡ ᠭᠡᠵᠦ ᠬᠡᠯᠡᠪᠡ᠃      ᠯᠢ ᠢᠦᠢ ᠹᠧᠩ᠂ ᠥᠩᠭᠡᠷᠡᠭᠰᠡᠨ 2024 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ᠮᠥᠨᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠠᠷᠠᠯᠲᠠ ᠶᠢ ᠪᠡᠶᠡᠯᠡᠭᠦᠯᠬᠦ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠢ ᠰᠡᠷᠭᠦᠭᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠪᠡ ᠭᠡᠵᠦ ᠴᠢᠬᠤᠯᠠᠴᠢᠯᠠᠪᠠ᠃      2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠥᠭᠡᠷᠡᠴᠢᠯᠡᠯᠲᠡ ᠶᠢᠨ ᠵᠢᠯ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠰᠦᠪᠡᠭᠴᠢᠯᠡᠬᠦ ᠲᠥᠯᠥᠪᠵᠢᠭᠦᠯᠭᠡ ᠶᠢᠨ ᠵᠢᠯ ᠮᠥᠨ᠃ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠠᠴᠠ ᠪᠦᠬᠦ ᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠬᠠᠷᠠᠯᠲᠠ ᠪᠣᠯ ᠳᠠᠷᠤᠢ ᠡᠮᠦᠨ᠎ᠡ ᠲᠠᠯ᠎ᠠ ᠳᠤ ᠪᠠᠶᠢᠨ᠎ᠠ᠂ ᠬᠦᠨᠳᠦ ᠡᠭᠦᠷᠭᠡ ᠪᠣᠯ ᠥᠷᠯᠥᠭᠡ ᠦᠳᠡᠰᠢ ᠶᠢ ᠲᠡᠮᠡᠴᠡᠵᠦ᠂ ᠲᠣᠭᠲᠠᠭᠰᠠᠨ ᠬᠠᠷᠠᠯᠲᠠ ᠡᠭᠦᠷᠭᠡ ᠪᠣᠯ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠪᠣᠯᠬᠤᠷ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠪᠣᠯᠤᠨ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠶᠢ ᠱᠠᠭᠠᠷᠳᠠᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠮᠡᠬᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠴᠢᠩᠱᠠᠨ ᠲᠣᠭᠤᠷᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠠᠮᠢᠳᠤᠯᠢᠭ ᠦᠢᠯᠡᠳᠦᠯᠭᠡ ᠶᠢᠨ ᠳᠤᠮᠳᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠶᠢ ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠬᠡᠷᠡᠭᠲᠡᠢ᠃      ᠯᠢ ᠢᠦᠢ ᠹᠧᠩ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠢᠩᠱᠠᠨ ᠤ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠬᠡᠯᠡᠪᠡ᠃      ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠮᠵᠢᠯᠲᠠ ᠲᠠᠢ ᠲᠡᠭᠦᠰᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号