ᠴᠢᠩᠱᠠᠨ ᠲᠣᠭᠤᠷᠢᠭ ᠤᠨ ᠨᠣᠮ ᠤᠨ ᠰᠠᠩ ᠪᠦᠬᠦ ᠠᠵᠢᠯᠲᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/24
      ᠰᠤᠷᠲᠠᠯ ᠢ ᠤᠯᠠᠮ ᠨᠢᠭᠡ ᠠᠯᠬᠤᠮ ᠴᠡᠭᠴᠡᠯᠡᠵᠦ᠂ ᠺᠠᠳ᠋ᠷ ᠠᠵᠢᠯᠲᠠᠨ ᠠᠵᠢᠯᠴᠢᠨ ᠤ ᠬᠥᠳᠡᠯᠮᠦᠷᠢ ᠶᠢᠨ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ᠪᠥᠬᠦ ᠣᠷᠳᠣᠨ ᠤ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠥᠭᠡᠳᠡᠯᠡᠨ ᠰᠠᠶᠢᠵᠢᠷᠠᠬᠤ ᠶᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 20 ᠤ ᠡᠳᠦᠷ᠂ ᠴᠢᠩᠱᠠᠨ ᠲᠣᠭᠤᠷᠢᠭ ᠤᠨ ᠨᠣᠮ ᠤᠨ ᠰᠠᠩ ᠪᠥᠬᠦ ᠺᠠᠳ᠋ᠷ ᠠᠵᠢᠯᠲᠠᠨ ᠠᠵᠢᠯᠴᠢᠨ ᠤ ᠶᠡᠭᠡ ᠬᠤᠷᠠᠯ ᠬᠤᠷᠠᠯᠳᠤᠭᠤᠯᠵᠤ᠂ ᠲᠣᠪᠴᠢᠶᠠᠨ‌‍ᠲ᠋ᠡᠳ᠋ ᠳᠠᠷᠤᠭ᠎ᠠ ᠬᠠᠨ ᠬᠤᠶ ᠬᠤᠷᠠᠯ ᠳᠤ ᠣᠷᠣᠯᠴᠠᠵᠤ᠂ ᠨᠣᠮ ᠤᠨ ᠰᠠᠩ ᠤᠨ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃      ᠬᠤᠷᠠᠯ ᠠᠴᠠ᠂ 2024 ᠣᠨ ᠤ ᠠᠵᠢᠯ ᠤᠷᠤᠭᠰᠢᠲᠠᠢ ᠦᠩᠭᠡᠷᠡᠵᠦ᠂ ᠰᠢᠨ᠎ᠡ ᠨᠢᠭᠡ ᠵᠢᠯ ᠳᠤ ᠨᠣᠮ ᠤᠨ ᠰᠠᠩ ᠨᠢ ᠵᠠᠳᠠᠯᠬᠤ ᠰᠡᠳᠬᠢᠬᠦᠶ ᠪᠠᠨ ᠦᠷᠭᠦᠯᠵᠢᠯᠡᠨ ᠪᠠᠳᠠᠷᠠᠭᠤᠯᠵᠤ᠂ ᠭᠤᠤᠯ ᠠᠰᠠᠭᠤᠳᠠᠯ ᠳᠤ ᠴᠢᠭᠯᠡᠭᠦᠯᠦᠨ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠵᠦᠢᠯ ᠳᠠᠷᠠᠭᠠᠯᠠᠨ ᠰᠢᠪᠲᠤᠯᠵᠤ᠂ ᠨᠣᠮ ᠤᠨ ᠰᠠᠩ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠩᠰᠢᠭᠴᠢᠳ ᠤᠨ ᠡᠷᠬᠡ ᠠᠰᠢᠭ ᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠨᠣᠮ ᠤᠨ ᠰᠠᠩ ᠤᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠠᠭᠤᠳᠠᠯᠵᠤ᠂ ᠬᠤᠪᠢᠶᠠᠷᠢ ᠣᠷᠳᠣᠨ ᠤ ᠬᠠᠮᠲᠤᠷᠠᠭᠰᠠᠨ ᠲᠣᠭᠲᠠᠴᠠ ᠶᠢ ᠴᠢᠩᠭᠠᠳᠬᠠᠨ᠂ ᠬᠢᠯᠠᠰ ᠴᠡᠭᠲᠦ ᠨᠠᠷᠠᠲᠤ ᠲᠡᠮᠳᠡᠭᠲᠦ ᠶᠢ ᠡᠭᠦᠳᠴᠦ᠂ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠰᠣᠶᠣᠯ ᠤᠨ ᠥᠨᠳᠦᠷᠯᠢᠭ ᠢ ᠪᠠᠶᠢᠭᠤᠯᠬᠤ ᠳᠤ ᠬᠦᠴᠦᠨ ᠨᠡᠮᠡᠷᠢᠯᠡᠪᠡ ᠭᠡᠵᠦ ᠵᠢᠭᠠᠨ ᠭᠠᠷᠭᠠᠭᠰᠠᠨ ᠪᠠᠶᠢᠨ᠎ᠠ᠃      ᠬᠤᠷᠠᠯ ᠠᠴᠠ᠂ ᠵᠠᠯᠭᠠᠭᠠᠳ ᠰᠤᠷᠲᠠᠯ ᠤᠨ ᠪᠠᠶᠢᠭᠤᠯᠤᠯᠲᠠ ᠶᠢ ᠶᠡᠭᠡ ᠪᠠᠷ ᠴᠡᠭᠴᠡᠯᠡᠵᠦ᠂ ᠬᠥᠳᠡᠯᠮᠦᠷᠢ ᠶᠢᠨ ᠰᠠᠬᠢᠯᠭ᠎ᠠ ᠪᠠᠲᠤ ᠶᠢ ᠴᠢᠩᠭᠠᠳᠬᠠᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠠᠴᠠ ᠪᠦᠬᠦ ᠺᠠᠳ᠋ᠷ ᠠᠵᠢᠯᠳᠠᠨ ᠠᠵᠢᠯᠴᠢᠨ ᠲᠤᠰ ᠪᠡᠶ᠎ᠡ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠴᠢᠩᠭ᠎ᠠ ᠬᠠᠷᠢᠭᠤᠴᠠᠯᠭᠠᠲᠤ ᠤᠬᠠᠮᠰᠠᠷ ᠪᠣᠯᠤᠨ ᠦᠢᠯᠡᠴᠢᠯᠡᠭᠡᠨ ᠤ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠤᠩᠰᠢᠭᠴᠢᠳ ᠤᠨ ᠡᠮᠦᠨ᠎ᠡ ᠬᠠᠯᠠᠭᠤᠨ ᠰᠡᠳᠬᠢᠯᠭᠡ᠂ ᠬᠦᠯᠢᠴᠡᠩᠭᠦᠶ ᠨᠠᠷᠢᠨ ᠨᠢᠮᠪᠠᠶ ᠪᠠᠶᠢᠵᠤ᠂ ᠤᠩᠰᠢᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠬᠥᠳᠡᠯᠮᠦᠷᠢ ᠶᠢᠨ ᠰᠠᠬᠢᠯᠭ᠎ᠠ ᠪᠠᠲᠤ ᠶᠢᠨ ᠲᠠᠯ᠎ᠠ ᠪᠠᠷ᠂ ᠠᠵᠢᠯ ᠳᠤ ᠭᠠᠷᠬᠤ ᠶᠢ ᠲᠡᠮᠳᠡᠭᠯᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠠᠯᠠᠭᠤᠨ ᠰᠡᠳᠬᠢᠯᠭᠡ ᠲᠠᠢ ᠣᠪᠣᠷ ᠢᠶᠠᠷ ᠤᠩᠰᠢᠭᠴᠢᠳ ᠲᠤ ᠰᠢᠯᠢᠳᠡᠭ ᠦᠢᠯᠡᠴᠢᠯᠡᠭᠡ ᠬᠠᠩᠭᠠᠵᠤ᠂ ᠯᠠᠪᠳᠠᠭᠤᠨ ᠪᠠᠲᠤᠲᠠᠢ ᠰᠤᠷᠲᠠᠯ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠠᠵᠢᠯ ᠢᠶᠠᠨ ᠰᠠᠶᠢᠲᠤᠷ ᠬᠢᠵᠦ᠂ ᠤᠩᠰᠢᠭᠴᠢᠳ ᠤᠨ ᠢᠲᠡᠭᠡᠯ ᠪᠠ ᠬᠦᠨᠳᠦᠳᠬᠡᠯ ᠢ ᠣᠯᠵᠤ᠂ ᠬᠡᠪ ᠰᠤᠷᠲᠠᠯ ᠰᠢᠯᠢᠳᠡᠭ ᠰᠠᠶᠢᠨ᠂ ᠰᠠᠬᠢᠯᠭ᠎ᠠ ᠪᠠᠲᠤ ᠴᠢᠩᠭ᠎ᠠ᠂ ᠦᠢᠯᠡᠴᠢᠯᠡᠭᠡ ᠰᠢᠯᠢᠳᠡᠭ ᠨᠣᠮ ᠤᠨ ᠰᠠᠩ ᠤᠨ ᠲᠦᠷᠢ ᠲᠥᠷᠬᠦ ᠶᠢ ᠬᠠᠮᠲᠤ ᠪᠠᠷ ᠴᠣᠭᠴᠠᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号