ᠴᠢᠩᠱᠠᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠨᠢ ᠬᠤᠲᠠ ᠶᠢᠨ ᠳᠡᠰ ᠤᠨ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠵᠦᠪᠰᠢᠶᠡᠷᠡᠭᠳᠡᠪᠡ︕
ᠨᠡᠶᠢᠲᠡᠯᠡᠭᠰᠡᠨ ᠴᠠᠭ᠄
2025/1/26
      ᠤᠶᠢᠷ᠎ᠠ ᠳᠤ᠂ ᠴᠢᠩᠱᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠷ ᠦᠨᠡᠯᠡᠨ ᠲᠣᠭᠲᠠᠭᠠᠯᠭᠠᠵᠤ᠂ ᠬᠤᠲᠠ ᠶᠢᠨ ᠳᠡᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠵᠦᠪᠰᠢᠶᠡᠷᠡᠭᠳᠡᠪᠡ︕      ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠨᠢ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠬᠦᠴᠦᠨ ᠪᠣᠯᠤᠭᠰᠠᠨ ᠤ ᠬᠤᠪᠢ ᠳᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠡᠭᠦᠷᠭᠡ ᠶᠢ ᠡᠭᠦᠷᠭᠡᠯᠡᠵᠦ ᠪᠣᠶ᠃ 2024 ᠣᠨ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠠᠵᠤ ᠦᠢᠯᠡᠰ ᠢ ᠲᠥᠪᠯᠡᠷᠡᠭᠦᠯᠬᠦ᠂ ᠴᠢᠳᠠᠪᠤᠷᠢᠲᠠᠨ ᠡᠯᠰᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠦᠢᠯᠡᠴᠢᠯᠡᠭᠡ︾ ᠪᠠᠷ ᠭᠤᠣᠯ ᠪᠣᠯᠭᠠᠵᠤ᠂ ᠮᠠᠨ ᠤ ᠬᠤᠲᠠ ᠶᠢᠨ ︽ᠲᠦᠷᠪᠡᠨ ᠰᠠᠭᠤᠷᠢᠨ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠵᠠᠰᠠᠭ ᠤᠨ ᠣᠷᠳᠣᠨ + ᠵᠠᠬ᠎ᠠ ᠳᠡᠯᠭᠡᠭᠦᠷᠴᠢᠯᠡᠬᠦ︾ ᠪᠠᠷ ᠤᠳᠤᠷᠢᠳᠤᠮᠵᠢ ᠪᠣᠯᠭᠠᠭᠰᠠᠨ ᠠᠵᠢᠯᠯᠠᠭᠠᠨ ᠤ ᠵᠠᠭᠪᠤᠷ ᠢ ᠠᠰᠢᠭᠯᠠᠨ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠪᠠ᠃      ᠣᠳᠣᠬᠠᠨ ᠳᠤ ᠠᠵᠤ ᠦᠢᠯᠡᠰ ᠤᠨ ᠬᠦᠷᠢᠶᠡᠯᠡᠩ ᠳᠤ ᠨᠡᠶᠢᠲᠡ 30 ᠠᠵᠤ ᠠᠬᠤᠶᠢᠯᠠᠯ ᠣᠷᠣᠵᠤ ᠰᠠᠭᠤᠪᠠ᠂ ᠡᠭᠦᠨ ᠳᠤ ᠴᠢᠳᠠᠪᠤᠷᠢᠲᠠᠨ ᠢ ᠰᠢᠯᠭᠠᠨ ᠲᠣᠭᠲᠠᠭᠠᠬᠤ᠂ ᠴᠠᠯᠢᠩ ᠢ ᠭᠠᠳᠠᠭᠰᠢ ᠳᠠᠭᠠᠭᠠᠴᠢᠯᠠᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ᠂ ᠠᠰᠠᠭᠤᠨ ᠯᠠᠪᠯᠠᠬᠤ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠲᠣᠭᠠᠴᠢᠯᠠᠯᠲᠠ ᠵᠡᠷᠭᠡ ᠳᠡᠭᠡᠳᠦ ᠲᠠᠰ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠵᠡᠯᠡᠬᠦ ᠬᠠᠷᠢᠴᠠᠯ ᠢ 50% ᠠᠴᠠ ᠳᠡᠭᠡᠭᠰᠢ ᠡᠵᠡᠯᠡᠪᠡ᠃ 2024 ᠣᠨ ᠤ ᠡᠵᠡᠩᠨᠡᠯᠲᠡ ᠶᠢᠨ ᠣᠷᠣᠯᠭ᠎ᠠ 5.02 ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠶᠢᠨ ᠣᠷᠣᠯᠭ᠎ᠠ 1100 ᠭᠠᠷᠤᠶ ᠲᠦᠮᠡᠨ ᠲᠥᠭᠦᠷᠢᠭ ᠲᠤ ᠬᠦᠷᠴᠦ᠂ ᠠᠵᠤ ᠠᠬᠤᠶ ᠶᠢᠨ ᠪᠣᠳᠠᠲᠤ ᠴᠣᠭᠴᠠ 8000 ᠡᠷᠦᠬᠡ ︵ᠤᠳᠠᠭ᠎ᠠ︶ ᠠᠴᠠ ᠳᠡᠭᠡᠭᠰᠢ ᠦᠢᠯᠡᠴᠢᠯᠡᠵᠦ᠂ 2000 ᠭᠠᠷᠤᠶ ᠬᠥᠮᠦᠨ ᠢ ᠨᠥᠯᠥᠭᠡᠯᠡᠨ ᠳᠠᠶᠢᠴᠢᠯᠠᠵᠤ ᠠᠵᠢᠯ ᠣᠯᠭᠤᠵᠤ᠂ ᠪᠤᠭᠤᠲᠤ ᠬᠤᠲᠠ ᠶᠢᠨ 2000 ᠭᠠᠷᠤᠶ ᠬᠥᠮᠦᠨ ᠳᠤ ᠠᠵᠢᠯ ᠣᠯᠭᠤᠬᠤ ᠪᠠ ᠠᠵᠢᠯ ᠰᠢᠯᠵᠢᠭᠦᠯᠬᠦ ᠦᠢᠯᠡᠴᠢᠯᠡᠭᠡ ᠬᠠᠩᠭᠠᠪᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠯᠢᠶᠡᠳ ᠪᠦᠷᠢᠨ ᠲᠡᠭᠦᠯᠳᠡᠷ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠲᠤᠰ ᠬᠤᠲᠠ ᠶᠢᠨ ᠠᠵᠤ ᠠᠬᠤᠶᠢᠯᠠᠯ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠪᠠ᠃ ᠠᠵᠤ ᠦᠢᠯᠡᠰ ᠤᠨ ᠬᠦᠷᠢᠶᠡᠯᠡᠩ ᠪᠠᠰᠠ ᠪᠤᠭᠤᠲᠦ ᠬᠤᠲᠠ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠮᠣᠩᠭᠤᠯ ᠤᠯᠤᠰ ᠵᠡᠷᠭᠡ ᠤᠯᠤᠰ ᠯᠤᠭ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠮᠣᠩᠭᠤᠯ ᠤᠯᠤᠰ ᠯᠤᠭ᠎ᠠ ᠴᠢᠳᠠᠪᠤᠷᠢᠲᠠᠨ ᠤ ᠰᠣᠯᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠬᠡᠯᠡᠯᠴᠡᠭᠡᠷ ᠲᠣᠭᠲᠠᠵᠤ᠂ ᠣᠲᠣ ᠪᠣᠯᠲᠠᠯ᠎ᠠ ᠮᠣᠩᠭᠤᠯ ᠤᠯᠤᠰ ᠲᠤ ᠮᠡᠷᠭᠡᠵᠢᠯ ᠤᠨ ᠠᠵᠢᠯᠲᠠᠨ 50 ᠬᠥᠮᠦᠨ ᠤᠳᠠᠭ᠎ᠠ ᠬᠦᠷᠭᠡᠵᠦ᠂ 2025 ᠤᠨ ᠪᠣᠯᠬᠤ ᠳᠤ ᠬᠥᠮᠦᠰ ᠤᠨ ᠰᠣᠯᠢᠯᠴᠠᠭ᠎ᠠ500 ᠬᠦᠮᠦᠨ ᠬᠦᠷᠬᠦ ᠪᠠᠷ ᠵᠢᠱᠢᠵᠦ ᠪᠣᠶ᠃      ᠵᠠᠯᠭᠠᠭᠠᠳ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠦ᠂ ︽ᠪᠤᠭᠤᠲᠤ ᠳᠤ ᠰᠠᠭᠤᠷᠢᠯᠠᠬᠤ᠂ ᠥᠪᠥᠷ ᠮᠣᠩᠭᠤᠯ ᠳᠤ ᠦᠢᠯᠡᠴᠢᠯᠡᠬᠦ᠂ ᠪᠦᠬᠦ ᠤᠯᠤᠰ ᠢ ᠨᠥᠯᠥᠭᠡᠯᠡᠬᠦ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠬᠡᠪᠴᠢᠶ᠎ᠡ ᠪᠣᠯᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠳᠠ ᠴᠢᠨᠠᠭᠰᠢᠯᠠᠪᠠᠯ ᠪᠦᠬᠦ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠲᠦᠷᠭᠡᠨ ᠬᠥᠭᠵᠢᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ︕
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号