ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠤᠷᠢᠳ ᠬᠤᠵᠢᠳ ᠵᠥᠩ ᠴᠧᠩ | ᠬᠦᠴᠦᠳᠡᠯ ᠥᠭᠡᠷᠡᠴᠢᠯᠡᠭᠴᠢ᠂ ᠸᠠᠩ ᠹᠦ᠋ ᠵᠢᠩ ᠪᠦᠷᠢᠨ ᠪᠠᠷᠠᠭ᠎ᠠ ︵ᠴᠢᠩᠱᠠᠨ ᠳᠡᠯᠭᠡᠭᠦᠷ︶᠂ ᠢ ᠯᠢᠨ ᠠᠮᠢ ᠠᠬᠤᠶ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ ᠠᠶᠤᠯᠭᠦᠶ ᠦᠢᠯᠡᠳᠪᠦᠷᠢᠯᠡᠯ ᠤᠨ | ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠵᠦᠩ ᠴᠧᠩ ᠬᠦᠴᠦᠳᠡᠯ ᠥᠭᠡᠷᠡᠴᠢᠯᠡᠭᠴᠢ ᠳᠤ ᠪᠠᠢ ᠶᠦᠨ ᠰᠢ ᠦᠢᠯᠡᠳᠪᠦᠷᠢᠯᠡᠯ ᠤᠨ ᠲᠠᠰᠤᠭ ᠤᠨ ᠲᠤᠨᠤᠭ | ᠲᠥᠬᠦᠭᠡᠷᠦᠮᠵᠢ ᠦᠢᠯᠡᠳᠬᠦᠨ ᠤ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ᠂ | ᠦᠢᠯᠡᠳᠬᠦᠨ ᠤ ᠲᠦᠷᠦᠯ ᠵᠦᠢᠯ ᠪᠣᠯᠤᠨ ᠪᠣᠷᠣᠯᠠᠭᠤᠯᠭ᠎ᠠ᠂ ᠠᠰᠢᠭ ᠭᠠᠶᠢᠯᠢ ᠵᠢᠴᠢ ᠵᠠᠬ᠎ᠠ ᠳᠡᠯᠭᠡᠭᠦᠷ ᠤᠨ | ᠢᠷᠡᠭᠡᠳᠦᠢ ᠶᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠢᠯᠡᠷᠡᠭᠦᠯᠦᠭᠰᠡᠨ ᠠᠰᠠᠭᠤᠳᠠᠯ ᠳᠤ | ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠤᠨ ᠳᠤᠷᠠᠳᠤᠭᠰᠠᠨ ᠬᠦᠴᠢᠷ ᠠᠰᠠᠭᠤᠳᠠᠯ ᠢ | ᠰᠢᠢᠳᠪᠦᠷᠢᠯᠡᠬᠦ ᠠᠷᠭ᠎ᠠ ᠭᠠᠷᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ | ᠬᠥᠭᠵᠢᠯᠲᠡ ᠶᠢᠨ ᠠᠮᠢᠨ ᠰᠤᠳᠠᠰᠤ ᠮᠥᠨ᠂ ᠴᠠᠭᠠᠨ ᠰᠠᠷ᠎ᠠ ᠶᠢᠨ ᠬᠤᠭᠤᠴᠠᠭᠠᠨ ᠳᠤ ᠨᠡᠩ ᠴᠤ ᠠᠶᠤᠯᠭᠦᠢ | ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠭᠡᠮ ᠰᠣᠭᠤᠭ ᠢ | ᠪᠠᠶᠢᠴᠠᠭᠠᠨ ᠵᠠᠰᠠᠬᠤ ᠶᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠡᠮᠬᠢ ᠳᠢᠭᠯᠢᠮ ᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠹᠦ᠋ ᠵᠢᠩ ︵ᠴᠢᠩᠱᠠᠨ ᠳᠡᠯᠭᠡᠭᠦᠷ︶ ᠪᠣᠯᠤᠨ ᠢ ᠯᠢᠨ ᠠᠮᠢ ᠠᠬᠤᠢ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ᠂ ᠪᠠᠢ ᠶᠦᠨ ᠰᠢ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ | ᠪᠥᠭᠡᠳ ᠪᠦᠲᠦᠮᠵᠢᠲᠡᠢ ᠪᠠᠶᠢᠬᠤ ᠡᠰᠡᠬᠦ᠂ ᠲᠠᠷᠬᠠᠭᠠᠬᠤ ᠵᠠᠮ ᠨᠢ ᠬᠠᠷᠰᠢ ᠰᠠᠭᠠᠳ ᠦᠭᠡᠢ ᠪᠠᠶᠢᠬᠤ ᠡᠰᠡᠬᠦ᠂ ᠡᠳᠦᠷ | ᠲᠤᠳᠤᠮ ᠤᠨ ᠲᠣᠭᠤᠷᠢᠨ ᠪᠠᠶᠢᠴᠠᠭᠠᠯᠲᠠ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ | ᠲᠡᠷᠡ ᠲᠠᠯᠠᠪᠤᠷ ᠤᠨ ᠬᠠᠷᠢᠭᠤᠴᠠᠯᠭᠠᠲᠠᠨ ᠳᠤ᠂ ᠬᠤᠳᠠᠯᠳᠤᠭᠠᠨ ᠤ ᠲᠠᠯᠠᠪᠤᠷ ᠪᠣᠯᠤᠨ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠨᠢ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠪᠣᠯᠤᠭᠰᠠᠨ ᠤ ᠬᠤᠪᠢ ᠳᠤ᠂ ᠭᠠᠯ ᠤᠨᠲᠠᠷᠠᠭᠠᠬᠤ ᠠᠮᠤᠷ | ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ | ᠠᠮᠤᠷ ᠲᠦᠪᠰᠢᠨ ᠤ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠪᠠᠶᠠᠷ ᠤᠨ ᠡᠳᠦᠷ ᠤᠨ ᠲᠠᠸᠠᠷ ᠤᠨ ᠬᠠᠩᠭᠠᠯᠭ᠎ᠠ ᠶᠢ | ᠪᠠᠲᠤᠯᠠᠬᠤ ᠠᠵᠢᠯ ᠢ ᠰᠠᠶᠢᠲᠤᠷ ᠬᠢᠵᠦ᠂ ᠲᠠᠸᠠᠷ ᠤᠨ ᠲᠦᠷᠦᠯ ᠵᠦᠢᠯ ᠢ ᠪᠠᠶᠠᠯᠢᠭᠵᠢᠭᠤᠯᠵᠤ᠂ ᠬᠤᠳᠠ ᠶᠢᠨ ᠠᠷᠠᠳ ᠤᠨ | ᠤᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠬᠠᠮᠲᠤ ᠲᠠᠸᠠᠷ ᠤᠨ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠵᠤ᠂ ᠬᠤᠳᠠ ᠶᠢᠨ ᠠᠷᠠᠳ ᠢ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠤᠭᠤᠯᠬᠤ ᠬᠡᠷᠡᠭᠲᠡᠢ ᠭᠡᠵᠦ | ᠵᠠᠬᠢᠪᠠ᠃ | ᠪᠠᠢ ᠶᠦᠨ ᠰᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢᠨ ᠲᠠᠯ᠎ᠠ ᠪᠠᠷ ᠠᠶᠤᠯᠭᠦᠢ ᠦᠢᠯᠡᠳᠪᠦᠷᠢᠯᠡᠯ ᠤᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠴᠠᠭᠠᠶᠢᠯᠠᠨ ︽ᠴᠠᠭᠠᠨ ᠰᠠᠷ᠎ᠠ︾ ᠬᠦᠷᠴᠦ ᠢᠷᠡᠬᠦ ᠲᠠᠰᠢᠷᠠᠮ ᠢᠶᠠᠷ᠂ | ᠪᠦᠬᠦ ᠲᠤᠭᠤᠷᠢᠭ ᠤᠨ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠣᠷᠣᠨ ᠪᠦᠰᠡ ᠳᠤ ᠲᠣᠭᠤᠷᠢᠨ | ᠪᠠᠶᠢᠴᠠᠭᠠᠵᠤ ᠬᠢᠨᠠᠨ ᠬᠠᠮᠢᠶᠠᠷᠬᠤ ᠠᠵᠢᠯ ᠢ ᠥᠷᠨᠢᠭᠦᠯᠵᠦ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ | ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ | ︽ᠲᠣᠭᠤᠷᠢᠨ ᠪᠠᠶᠢᠴᠠᠭᠠᠬᠤ︾ ᠠᠵᠢᠯ ᠢ ᠪᠠᠲᠤᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠨᠢᠭᠲᠠ ᠠᠩᠬᠠᠷᠴᠤ᠂ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠬᠤ ᠶᠢ | ᠦᠨᠡᠨ ᠬᠦ ᠪᠠᠲᠤᠯᠠᠵᠤ᠂ ᠢᠳᠡᠭᠡᠨ ᠤ ᠦᠢᠯᠡᠳᠪᠦᠷᠢᠯᠡᠯ᠂ ᠭᠦᠢᠯᠭᠡᠭᠡ᠂ ᠪᠣᠷᠣᠯᠠᠭᠤᠯᠭ᠎ᠠ ᠶᠢᠨ ᠪᠦᠬᠦ ᠬᠡᠯᠬᠢᠶᠡᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ︽ᠬᠤᠯᠢᠰᠢᠨ ᠢᠳᠡᠭᠡᠨ︾᠂ ︽ᠠᠮᠤ ᠪᠤᠳᠠᠭ᠎ᠠ︾ ᠶᠢᠨ ᠠᠮᠤᠷ | ᠲᠦᠪᠰᠢᠨ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ | ᠬᠤᠭᠤᠷᠣᠨᠳᠣ ᠪᠠᠨ ᠥᠨᠳᠥᠷ ᠪᠦᠲᠦᠮᠵᠢᠲᠡᠶ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠥᠬᠦ ᠣᠷᠣᠨ ᠤ ᠠᠶᠦᠯᠭᠦᠢ | ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠥᠭᠡᠳ | ᠡᠮᠬᠢ ᠵᠢᠷᠤᠮ ᠲᠠᠢ ᠪᠠᠶᠢᠬᠤ ᠶᠢ ᠬᠠᠮᠲᠤ ᠪᠠᠷ ᠪᠠᠲᠤᠯᠠᠵᠤ᠂ ᠥᠷᠭᠡᠨ ᠣᠯᠠᠨ ᠬᠤᠲᠠ ᠶᠢᠨ ᠠᠷᠠᠳ ᠢ ᠪᠠᠶᠠᠷ ᠬᠥᠷ ᠲᠠᠢ᠂ | ᠡᠶ᠎ᠡ ᠨᠠᠶᠢᠷᠠᠮᠳᠠᠭᠤ᠂ ᠠᠮᠤᠷ ᠲᠦᠪᠰᠢᠨ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | | |