ᠨᠡᠶᠢᠭᠡᠮ ᠤᠨ ᠳᠠᠭᠠᠳᠬᠠᠯ ᠤᠨ ᠬᠠᠪᠰᠤᠷᠤᠨ ᠲᠡᠳᠬᠦᠬᠦ ᠠᠵᠢᠯ ᠢ ᠦᠨᠡᠨ ᠬᠦ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ︽ᠭᠤᠷᠪᠠᠨ ᠨᠠᠷᠢᠯᠢᠭ ᠤᠨᠤᠪᠴᠢᠲᠠᠢ︾ ᠶᠢ ᠳᠣᠪᠤᠶᠢᠯᠭᠠᠨ᠂ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠣᠯᠠᠨ ᠲᠤᠰᠢᠶᠠᠬᠤ ᠡᠲᠡᠭᠡᠳ ᠢ ᠨᠠᠶᠢᠳᠠᠪᠤᠷᠢᠵᠢᠭᠤᠯᠬᠤ᠂ | ᠡᠳ᠋ ᠤᠨ ᠵᠠᠰᠠᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ | ᠬᠦᠴᠢᠷᠳᠡᠯᠲᠡᠶ᠂ ᠬᠦᠨᠳᠦ ᠵᠡᠮᠳᠡᠭ ᠵᠡᠷᠭᠡ ᠬᠦᠴᠢᠷᠳᠡᠯᠲᠡᠶ ᠣᠯᠠᠨ ᠲᠦᠮᠡᠨ ᠳᠤ ᠴᠢᠭᠯᠡᠭᠦᠯᠦᠨ᠂ ᠵᠠᠰᠠᠭ ᠤᠨ | ᠣᠷᠳᠣᠨ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ | ᠣᠷᠣᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ | ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠪᠰᠤᠷᠤᠨ ᠲᠡᠳᠬᠦᠬᠦ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ | ᠨᠠᠷᠢᠯᠢᠭ ᠣᠨᠣᠪᠴᠢᠲᠠᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ | ᠤᠯᠤᠨ᠎ᠠ᠃ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠮᠡᠳᠡᠭᠡ | ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠬᠦᠴᠢᠷᠳᠡᠯᠲᠡᠶ ᠬᠥᠮᠦᠰ ᠤᠨ ᠮᠡᠳᠡᠭᠡ ᠵᠠᠩᠭᠢ ᠶᠢ ᠬᠠᠮᠲᠤᠪᠠᠷ | ᠭᠥᠷᠳᠡᠬᠦ ᠵᠠᠮ ᠢ ᠰᠠᠭᠠᠳ ᠥᠬᠡᠶ ᠨᠡᠪᠲᠡᠷᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠬᠠᠷᠢᠴᠠᠭᠤᠯᠤᠯ ᠢ | ᠴᠢᠩᠭᠠᠳᠬᠠᠨ᠂ ᠳᠠᠭᠠᠳᠬᠠᠯ ᠳᠤ ᠣᠷᠣᠯᠴᠠᠵᠤ ᠣᠷᠣᠯᠠᠨ ᠲᠤᠰᠢᠶᠠᠬᠤ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ | ᠦᠨᠡᠨᠬᠦ ᠪᠠᠲᠤᠯᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ | ᠬᠦᠴᠢᠷᠳᠡᠯᠲᠡᠶ ᠬᠥᠮᠦᠰ ᠤᠨ ᠠᠵᠤ ᠠᠬᠤᠶ ᠪᠠ ᠠᠮᠢᠳᠤᠷᠠᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ | ᠨᠠᠷᠢᠯᠢᠭ ᠣᠨᠣᠪᠴᠢᠲᠠᠢ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠨ᠎ᠠ᠃ ᠨᠡᠶᠢᠭᠡᠮ ᠤᠨ ᠪᠠᠲᠤᠯᠠᠭ᠎ᠠ ᠶᠢᠨ | ᠲᠥᠪ ᠠᠴᠠ ᠰᠢᠶᠠᠩ ᠪᠠᠯᠭᠠᠰᠤ ᠲᠠᠢ ᠬᠠᠮᠲᠤ ᠪᠠᠷ ᠰᠡᠳᠬᠢᠮᠵᠢ ᠶᠢ ᠰᠦᠪᠡᠭᠴᠢᠯᠡᠵᠦ᠂ ᠪᠠᠶᠢᠳᠠᠯ ᠢ ᠦᠨᠳᠦᠰᠦᠯᠡᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠳᠠᠭᠠᠳᠬᠠᠯ ᠳᠤ ᠣᠷᠣᠯᠴᠠᠭᠰᠠᠨ ᠵᠢᠴᠢ ᠬᠠᠷᠠᠭᠠᠯᠵᠠᠯ | ᠭᠥᠷᠳᠡᠵᠦ ᠪᠠᠶᠢᠭ᠎ᠠ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠨᠠᠷᠢᠯᠢᠭ ᠤᠨᠤᠪᠴᠢᠲᠠᠢ ᠢᠯᠭᠠᠨ ᠲᠠᠨᠢᠬᠤ᠂ ᠨᠠᠷᠢᠯᠢᠭ | ᠤᠨᠤᠪᠴᠢᠲᠠᠢ ᠣᠷᠣᠯᠠᠨ ᠲᠤᠰᠢᠶᠠᠬᠤ᠂ ᠨᠠᠷᠢᠯᠢᠭ ᠤᠨᠤᠪᠴᠢᠲᠠᠢ ᠲᠠᠷᠬᠠᠭᠠᠬᠤ ᠶᠢ ᠪᠡᠶᠡᠯᠡᠭᠦᠯᠵᠦ᠂ ᠬᠦᠴᠢᠷᠳᠡᠯᠲᠡᠶ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ | ᠦᠨᠡᠨᠬᠦ ᠳᠡᠭᠡᠭᠰᠢᠯᠡᠭᠦᠯᠦᠨ᠎ᠡ᠃ | ᠨᠠᠷᠢᠯᠢᠭ ᠣᠨᠣᠪᠴᠢᠲᠠᠢ ᠦᠢᠯᠡᠴᠢᠯᠡᠭᠡᠨ ᠤ ᠲᠠᠯ᠎ᠠ ᠪᠠᠷ ᠠᠷᠭ᠎ᠠ ᠨᠡᠮᠡᠨ᠎ᠡ᠃ ︽ᠠᠷᠠᠳ ᠲᠤ ᠠᠰᠢᠭ ᠬᠦᠷᠲᠡᠭᠡᠬᠦ | ᠦᠢᠯᠡᠴᠢᠯᠡᠭᠡᠨ ᠤ ᠠᠵᠢᠯᠯᠠᠬᠤ ᠠᠩᠭᠢ︾ ᠶᠢ ᠵᠣᠬᠢᠶᠠᠨ ᠪᠠᠶᠢᠭᠤᠯᠵᠤ᠂ ᠵᠡᠭᠡᠯᠢ ᠭᠤᠳᠤᠮᠵᠢ ᠪᠠᠷ ᠶᠠᠪᠤᠵᠦ ᠲᠣᠰᠬᠤᠨ | ᠡᠷᠦᠬᠡ ᠳᠤ ᠬᠦᠷᠴᠦ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ᠂ ᠨᠥᠬᠦᠪᠥᠷᠢ ᠥᠭᠬᠦ ᠪᠠᠷᠢᠮᠵᠢᠶ᠎ᠠ᠂ ᠬᠦᠴᠢᠷᠳᠡᠯᠲᠡᠶ ᠬᠥᠮᠦᠰ ᠢ ᠬᠠᠪᠰᠤᠷᠤᠨ | ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠵᠤ᠂ ᠬᠦᠴᠢᠷᠳᠡᠯᠲᠡᠶ | ᠣᠯᠠᠨ ᠲᠦᠮᠡᠨ ᠢ ᠬᠠᠪᠰᠤᠷᠤᠨ ᠨᠡᠶᠢᠭᠡᠮ ᠤᠨ ᠳᠠᠭᠠᠳᠬᠠᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ | ᠠᠰᠢᠭ ᠢ ᠴᠠᠭ ᠲᠤᠬᠠᠶ ᠳᠤᠨᠢ ᠭᠥᠷᠳᠡᠨ᠎ᠡ᠃ | ᠳᠡᠭᠡᠷ᠎ᠡ ᠳᠣᠣᠷ᠎ᠠ ᠨᠢᠭᠡ ᠬᠥᠯᠭᠡ ᠰᠢᠲᠠᠷ᠎ᠠ ᠮᠡᠲᠦ᠂ ᠬᠠᠮᠲᠤ ᠪᠠᠷ ᠤᠷᠤᠭᠰᠢᠯᠠᠵᠤ᠂ ᠨᠡᠶᠢᠭᠡᠮ ᠤᠨ ᠳᠠᠭᠠᠳᠬᠠᠯ ᠤᠨ | ᠬᠠᠪᠰᠤᠷᠤᠨ ᠲᠡᠳᠬᠦᠬᠦ ᠠᠵᠢᠯ ᠨᠢ ᠬᠥᠮᠦᠰ ᠤᠨ ᠰᠡᠳᠬᠢᠯ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠶᠢ | ᠲᠤᠰᠢᠶᠠᠪᠠ᠃ 2024 ᠣᠨ ᠤ 1 ᠳ᠋ᠦ᠋ᠭᠡᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ᠂ ᠴᠢᠩᠱᠠᠨ ᠲᠣᠭᠤᠷᠢᠭ ᠲᠤ | 684 ᠬᠥᠮᠦᠨ ᠢ ᠣᠷᠣᠯᠠᠨ ᠲᠤᠰᠢᠶᠠᠵᠠᠢ᠂ ᠡᠭᠦᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ 163 | ᠬᠥᠮᠦᠨ᠂ ᠬᠦᠨᠳᠦ ᠵᠡᠮᠳᠡᠭ ᠬᠥᠮᠦᠨ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ 11 ᠬᠥᠮᠦᠨ᠂ ᠣᠨᠴᠠ | ᠬᠦᠴᠢᠷᠳᠡᠯᠲᠡᠶ 10 ᠬᠥᠮᠦᠨ ᠳᠤ ᠬᠤᠯᠪᠣᠭᠳᠠᠵᠤ᠂ ᠵᠣᠭᠤᠰ ᠤᠨ ᠲᠤᠭ᠎ᠠ ᠨᠢ ᠨᠡᠶᠢᠲᠡ 11.84 ᠲᠦᠮᠡᠨ | ᠲᠥᠭᠦᠷᠢᠭ ᠲᠤ ᠬᠦᠷᠴᠡᠶ᠃ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ | ᠲᠤᠰ ᠪᠡᠶ᠎ᠡ ᠶᠢᠨ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠵᠤ᠂ ᠬᠦᠴᠢᠷᠳᠡᠯ ᠲᠠᠢ ᠤᠯᠠᠨ ᠲᠦᠮᠡᠨ ᠳᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠰᠢᠭ ᠲᠤᠰᠠ︾ ᠶᠢ ᠬᠠᠮᠲᠤᠪᠠᠷ ᠡᠳ᠋ᠯᠡᠭᠦᠯᠦᠨ᠎ᠡ᠃ | | | |