ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ | ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ | ᠪᠣᠯᠤᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠴᠢᠩ ᠹᠦ᠋ ᠪᠠᠯᠭᠠᠰᠤᠨ ᠤ | ᠪᠦᠦ ᠯᠢ ᠨᠡᠶᠢᠭᠡᠮ ᠲᠣᠭᠤᠷᠢᠭ ᠨᠠᠮ ᠤᠨ ᠪᠠᠶᠢᠭᠤᠯᠤᠯᠲᠠ ᠶᠢᠨ ᠲᠣᠣᠷᠵᠢᠯ ᠤᠨ ᠵᠠᠰᠠᠯᠲᠠ ᠶᠢ ᠶᠡᠬᠡᠪᠡᠷ ᠬᠡᠷᠡᠭᠵᠢᠭᠦᠯᠵᠦ᠂ | ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂ ᠤᠯᠠᠨ ᠲᠠᠯ᠎ᠠ ᠪᠠᠷ ᠬᠠᠮᠵᠢᠯᠴᠠᠬᠤ᠂ ᠬᠥᠮᠦᠨ ᠢᠶᠠᠷ ᠦᠨᠳᠦᠰᠦ ᠪᠣᠯᠭᠠᠬᠤ | ᠲᠣᠣᠷᠵᠢᠯ ᠤᠨ ᠵᠠᠰᠠᠯᠲᠠ ᠶᠢᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠦᠨᠳᠦᠰᠦᠨ ᠱᠠᠲᠤᠨ ᠤ | ︽ᠡᠮᠦᠨ᠎ᠡ ᠬᠠᠷᠠᠭᠤᠯ︾ ᠪᠣᠯᠭᠠᠨ ᠬᠤᠪᠢᠷᠠᠭᠤᠯᠪᠠ᠃ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠡ ᠳᠤ | ᠢᠯᠡᠷᠡᠭᠦᠯᠦᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠦᠴᠦᠷᠬᠡᠭ ᠡᠶᠡᠲᠡᠭᠦᠯᠬᠦ | ᠡᠩᠨᠡᠭᠡ ᠶᠢ ᠬᠤᠪᠢᠷᠠᠭᠤᠯᠤᠨ᠎ᠠ | ᠴᠢᠩ ᠹᠦ᠋ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠤᠨ ᠬᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 1+N ᠬᠤᠯᠪᠣᠭᠠᠯᠠᠨ | ᠬᠥᠳᠡᠯᠦᠯᠴᠡᠬᠦ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠥᠬᠡᠶ | ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠵᠠᠰᠠᠯᠲᠠ ᠶᠢᠨ ︽ᠮᠡᠳᠡᠷᠡᠯ ᠤᠨ ᠰᠡᠵᠢᠭᠦᠷ︾ ᠤᠨ | ᠨᠢᠭᠡᠨ ᠰᠠᠯᠠᠭ᠎ᠠ ᠴᠢᠬᠤᠯᠠ ᠬᠦᠴᠦᠨ ᠮᠥᠨ᠂ ᠦᠨᠳᠦᠰᠦᠨ ᠱᠠᠲᠤᠨ ᠤ ᠵᠠᠰᠠᠯᠲᠠ ᠳᠤ ᠴᠢᠬᠤᠯᠠ ᠦᠢᠯᠡᠳᠦᠯ | ᠦᠵᠡᠭᠦᠯᠵᠦ᠂ ᠡᠭᠦᠨ ᠳᠤ ᠲᠣᠣᠷᠵᠢᠯ ᠤᠨ ᠬᠠᠮᠢᠶᠠᠷᠤᠯᠲᠠ ᠪᠣᠯ ᠪᠠᠰᠠ ᠴᠤ ᠦᠨᠳᠦᠰᠦᠨ ᠱᠠᠲᠤᠨ ᠤ ᠵᠠᠰᠠᠯᠲᠠ ᠶᠢᠨ | ᠳᠤᠲᠠᠭᠳᠠᠵᠤ ᠪᠣᠯᠤᠰᠢ ᠦᠭᠡᠢ ᠴᠢᠬᠤᠯᠠ ᠭᠤᠭᠴᠤᠭ᠎ᠠ ᠮᠥᠨ᠃ ᠪᠦᠦ ᠯᠢ ᠨᠡᠶᠢᠭᠡᠮ ᠲᠣᠭᠤᠷᠢᠭ ᠲᠤ ᠣᠲᠣ 10484 | ᠡᠷᠦᠬᠡ᠂ 21000 ᠬᠥᠮᠦᠨ ᠪᠣᠶ᠂ 400 ᠡᠷᠦᠬᠡ ᠣᠷᠴᠢᠮ ᠤᠨ ᠰᠠᠭᠤᠭᠠᠯᠢ ᠠᠷᠠᠳ ᠤᠨ ᠶᠣᠰᠣᠭᠠᠷ ᠨᠢᠭᠡ | ᠲᠤᠤᠷᠵᠢᠯ ᠬᠤᠪᠢᠶᠠᠵᠤ᠂ ᠨᠡᠶᠢᠲᠡ 29 ᠲᠤᠤᠷᠵᠢᠯ ᠪᠠᠶᠢᠭᠤᠯᠵᠤ᠂ 23 ᠰᠠᠭᠤᠭᠠᠯᠢ ᠠᠷᠠᠳ ᠤᠨ ᠨᠠᠮ ᠤᠨ ᠡᠭᠦᠷ | ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠲᠤᠤᠷᠵᠢᠯ ᠳᠡᠭᠡᠷ᠎ᠡ ᠪᠠᠶᠢᠭᠤᠯᠵᠤ᠂ ᠨᠠᠮ ᠤᠨ ᠭᠡᠰᠢᠭᠦᠨ ᠢ | ᠲᠤᠤᠷᠵᠢᠯ ᠳᠤ ᠰᠢᠭᠢᠳᠬᠡᠪᠡ᠃ | ᠡᠭᠦᠨ ᠤ ᠬᠠᠮᠲᠤ ᠨᠡᠶᠢᠭᠡᠮ ᠲᠣᠭᠤᠷᠢᠭ ᠪᠣᠯᠤᠨ ᠬᠠᠷᠢᠶ᠎ᠠ ᠣᠷᠣᠨ ᠤ ᠠᠷᠠᠳ ᠤᠨ ᠴᠠᠭᠳᠠᠭ᠎ᠠ᠂ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠭᠢᠯᠡᠭᠰᠡᠳ | ᠵᠡᠷᠭᠡ ᠣᠯᠠᠨ ᠵᠦᠢᠯ ᠤᠨ ᠬᠠᠮᠲᠤᠯᠢᠭ ᠬᠠᠷᠢᠯᠴᠠᠨ ᠬᠥᠳᠡᠯᠦᠯᠴᠡᠵᠦ᠂ ᠬᠥᠷᠰᠢ ᠵᠡᠷᠭᠡᠯᠡᠳᠡᠭᠡ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠴᠠᠭ ᠲᠤᠬᠠᠶ ᠳᠤᠨᠢ ᠴᠤᠭᠯᠠᠭᠤᠯᠵᠤ᠂ ᠵᠢᠵᠢᠭ ᠲᠣᠭᠤᠷᠢᠭ ᠤᠨ ᠨᠠᠮ ᠤᠨ ᠭᠡᠰᠢᠭᠦᠨ ᠤ ᠪᠡᠶ᠎ᠡ | ᠭᠠᠷᠤᠯ ᠢᠶᠠᠨ ᠲᠣᠳᠣᠷᠬᠠᠶᠢᠯᠠᠵᠤ᠂ ᠠᠮᠠᠯᠠᠯᠲᠠ ᠬᠢᠬᠦ ᠶᠢ ᠰᠠᠨᠠᠭᠠᠴᠢᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠤᠭᠴᠢ᠂ ᠪᠣᠯᠪᠠᠰᠤᠨ ᠢ ᠡᠭᠦᠳᠦᠨ ᠪᠠᠶᠢᠭᠤᠯᠬᠤ ᠶᠢᠨ ᠳᠠᠭᠠᠭᠤᠯᠤᠭᠴᠢ᠂ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠭᠴᠢ ᠪᠣᠯᠭᠠᠵᠤ᠂ ᠰᠠᠭᠤᠭᠠᠯᠢ ᠠᠷᠠᠳ ᠣᠯᠠᠨ ᠲᠦᠮᠡᠨ ᠳᠤ ᠲᠦᠰᠢᠭ ᠲᠤᠯᠭᠠᠭᠤᠷᠢ ᠲᠠᠢ | ᠪᠣᠯᠭᠠᠵᠤ᠂ 360 ᠭᠷᠠᠳᠦ᠋ᠰ ᠤᠨ ︽ᠦᠬᠦᠮᠡᠯ ᠪᠤᠰᠤ ᠬᠡᠯᠪᠡᠷᠢ︾ ᠶᠢᠨ 1+N ᠬᠤᠯᠪᠣᠭᠠᠯᠠᠨ ᠬᠥᠳᠡᠯᠦᠯᠴᠡᠬᠦ ᠲᠠᠰ | ᠳᠠᠪᠬᠤᠷᠭ᠎ᠠ ᠶᠢᠨ ᠬᠠᠮᠢᠶᠠᠷᠤᠯᠲᠠ ᠶᠢᠨ ᠠᠵᠢᠯ ᠤᠨ ᠰᠢᠰᠲ᠋ᠧᠮ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠣᠯᠠᠨ | ᠲᠦᠮᠡᠨ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠵᠦ᠂ ︽ᠵᠥᠷᠢᠴᠡᠯ ᠢ ᠨᠠᠮᠳᠠᠭᠤᠯᠵᠤ ᠨᠡᠶᠢᠭᠡᠮ ᠲᠣᠭᠤᠷᠢᠭ ᠲᠠᠬᠢ | ᠪᠠᠶᠢᠬᠤ︾ ᠶᠡᠭᠡ ᠦᠢᠯᠡᠳᠦᠯ ᠢ ᠭᠦᠢᠴᠡᠳ ᠪᠡᠶᠡᠯᠡᠭᠦᠯᠪᠡ᠃ | ᠴᠢᠩ ᠹᠦ᠋ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠤᠨ ᠬᠢᠨ ᠲᠣᠣᠷᠵᠢᠯ ᠤᠨ ᠬᠠᠮᠢᠶᠠᠷᠤᠯᠲᠠ ᠶᠢ | ᠵᠢᠷᠤᠮᠵᠢᠭᠤᠯᠬᠤ᠂ ᠥᠨᠳᠥᠷ ᠦᠷ᠎ᠡ ᠠᠰᠢᠭ ᠲᠠᠢ ᠪᠣᠯᠭᠠᠬᠤ᠂ ᠲᠤᠰᠬᠠᠶᠢᠵᠢᠭᠤᠯᠬᠤ ᠲᠠᠯ᠎ᠠ ᠪᠠᠷ ᠢᠳᠡᠪᠬᠢᠲᠡᠢ | ᠰᠦᠪᠡᠭᠴᠢᠯᠡᠯᠲᠡ ᠬᠢᠵᠦ᠂ ᠲᠣᠣᠷᠵᠢᠯ ᠤᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠲᠣᠣᠷᠵᠢᠯ ᠤᠨ ᠵᠠᠰᠠᠯᠲᠠ ᠶᠢᠨ | ᠨᠠᠷᠢᠯᠢᠬᠵᠢᠯᠲᠠ ᠶᠢ ᠦᠷᠭᠦᠯᠵᠢᠯᠡᠨ ᠠᠬᠢᠭᠤᠯᠪᠠ᠃ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠨᠢᠭᠡᠪᠦᠷᠢ | ᠴᠥᠮ ᠨᠢᠭᠡ ᠳᠡᠪᠲᠡᠷ ︽ᠨᠢᠭᠡ ᠰᠦᠯᠵᠢᠶ᠎ᠡ ᠪᠠᠷ ᠪᠦᠬᠦᠨ ᠢ ᠮᠡᠳᠡᠬᠦ︾ ᠠᠷᠠᠳ ᠤᠨ ᠪᠠᠶᠢᠳᠠᠯ ᠤᠨ ᠳᠡᠪᠲᠡᠷ ᠲᠠᠢ ᠪᠠᠶᠢᠵᠤ᠂ | ᠠᠷᠠᠳ ᠤᠨ ᠪᠠᠶᠢᠳᠠᠯ ᠤᠨ ᠳᠡᠪᠲᠡᠷ ᠨᠢ ᠬᠤᠭᠤᠰᠣᠨ ᠭᠡᠷ᠂ ᠲᠦᠷᠢᠶᠡᠰᠦᠨ ᠡᠷᠦᠬᠡ᠂ ᠨᠡᠭᠦᠳᠡᠯ ᠡᠷᠦᠬᠡ᠂ ᠥᠨᠥᠴᠢᠨ | ᠪᠡᠯᠪᠡᠰᠦᠨ ᠨᠠᠰᠤᠲᠠᠨ᠂ 60 ᠨᠠᠰᠤᠨ ᠠᠴᠠ ᠳᠡᠭᠡᠭᠰᠢᠬᠢ ᠨᠠᠰᠤᠲᠠᠨ᠂ ᠨᠠᠭᠠᠳᠤ ᠵᠠᠬ᠎ᠠ ᠶᠢᠨ ᠪᠠᠲᠤᠯᠠᠭ᠎ᠠ ︵ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠡᠷᠦᠬᠡ︶᠂ ᠣᠨᠴᠠ ᠲᠡᠳᠬᠦᠬᠦ ᠭᠡᠷ ᠪᠦᠯᠢ ᠵᠡᠷᠭᠡ 31 ᠵᠦᠢᠯ ᠤᠨ | ᠲᠤᠭ᠎ᠠ ᠪᠠᠷᠢᠮᠲᠠ ᠶᠢ ᠲᠣᠳᠣᠷᠬᠠᠶ ᠲᠡᠮᠳᠡᠭᠯᠡᠭᠰᠡᠨ ᠪᠥᠭᠡᠳ ᠭᠡᠷ ᠪᠠᠶᠢᠰᠢᠩ ᠤᠨ ᠢᠷᠡᠯᠲᠡ ᠶᠢᠨ ᠵᠢᠷᠤᠭ ᠲᠤ | ᠲᠡᠮᠳᠡᠭ ᠤᠨ ᠬᠡᠯᠪᠡᠷᠢ ᠪᠠᠷ ᠰᠠᠭᠤᠭᠠᠯᠢ ᠠᠷᠠᠳ ᠲᠤ ᠵᠣᠬᠢᠴᠠᠩᠭᠤᠶ ᠲᠣᠳᠣᠷᠬᠠᠶᠢᠯᠠᠯᠲᠠ ᠬᠢᠪᠡ᠃ | ᠲᠣᠣᠷᠵᠢᠭᠤᠯᠤᠭᠴᠢ ᠶᠢ ᠲᠣᠣᠷᠵᠢᠯ ᠳᠤ ᠭᠦᠨᠵᠡᠭᠡᠶᠢᠷᠡᠭᠦᠯᠵᠦ᠂ ᠲᠣᠣᠷᠵᠢᠯ ᠲᠠᠢ ᠠᠭᠤᠰᠤᠯᠴᠠᠭᠤᠯᠵᠤ᠂ | ᠲᠣᠣᠷᠵᠢᠭᠤᠯᠤᠭᠴᠢ ᠶᠢᠨ ︽ᠬᠥᠮᠦᠨ ᠨᠢ ᠪᠣᠯᠪᠠᠰᠤᠷᠠᠩᠭᠤᠢ᠂ ᠭᠠᠵᠠᠷ ᠨᠢ ᠪᠣᠯᠪᠠᠰᠤᠷᠠᠩᠭᠤᠢ᠂ ᠪᠠᠶᠢᠳᠠᠯ ᠨᠢ ᠪᠣᠯᠪᠠᠰᠤᠷᠠᠬᠤ︾ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠷᠦᠭᠡ ᠳᠤ ᠬᠦᠷᠴᠦ ᠰᠤᠷᠪᠤᠯᠵᠢᠯᠠᠬᠤ᠂ ᠵᠥᠷᠢᠴᠡᠯ ᠵᠠᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠬᠠᠭᠤᠯᠬᠤ ᠵᠡᠷᠭᠡ ᠲᠠᠯ᠎ᠠ ᠪᠠᠷ ᠪᠣᠳᠠᠲᠤ | ᠳᠠᠶᠢᠨ ᠤ ᠦᠢᠯᠡᠳᠦᠯ ᠢ ᠪᠠᠳᠠᠷᠠᠭᠤᠯᠤᠨ᠎ᠠ᠃ ︽ᠰᠦᠯᠵᠢᠶᠡᠨ ᠳᠤ ᠬᠢᠷᠢ ᠬᠡᠮ ᠲᠠᠢ᠂ ᠬᠢᠷᠢ ᠬᠡᠮ ᠤᠨ ᠲᠠᠯ᠎ᠠ ᠪᠠᠷ | ᠬᠥᠮᠦᠨ ᠲᠠᠢ ᠪᠠᠶᠢᠵᠤ᠂ ᠤᠴᠢᠷ ᠶᠠᠪᠤᠳᠠᠯ ᠤᠨ ᠲᠠᠯ᠎ᠠ ᠪᠠᠷ ᠬᠢᠷᠢ ᠬᠡᠮ ᠤᠨ ᠲᠠᠯ᠎ᠠ ᠪᠠᠷ ᠮᠡᠳᠡᠵᠦ᠂ ᠣᠯᠠᠨ ᠡᠰᠢᠲᠦ | ᠬᠦᠴᠦᠨ ᠢ ᠡᠮᠬᠢᠯᠡᠨ ᠨᠡᠶᠢᠯᠡᠭᠦᠯᠵᠦ ︿ᠢᠷᠭᠡᠨ ᠤ ᠬᠡᠷᠡᠭ ᠤᠨ ᠡᠶᠡᠳᠡᠭᠦᠯᠦᠭᠴᠢ﹀ ᠶᠢᠨ ᠡᠩᠨᠡᠭᠡ ᠳᠤ ᠣᠷᠣᠭᠤᠯᠵᠤ᠂ | ᠨᠡᠶᠢᠭᠡᠮ ᠲᠣᠭᠤᠷᠢᠭ ᠤᠨ ᠣᠲᠣ ᠪᠠᠶᠢᠭ᠎ᠠ ᠵᠥᠷᠢᠴᠡᠯ ᠵᠢᠭᠤᠷᠠᠯᠳᠤᠭᠠᠨ ᠳᠤ ᠴᠢᠭᠯᠡᠭᠦᠯᠦᠨ ᠵᠠᠳᠠᠯᠤᠨ ᠰᠢᠢᠳᠪᠦᠷᠢᠯᠡᠵᠦ᠂ | ᠪᠠᠭ᠎ᠠ ᠶᠠᠪᠤᠳᠠᠯ ᠢ ᠲᠣᠣᠷᠵᠢᠯ ᠳᠤ ᠭᠠᠷᠭᠠᠬᠤ ᠥᠬᠡᠶ᠂ ᠶᠡᠭᠡ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠥᠬᠡᠶ︾ | ᠪᠠᠶᠢᠬᠤ ᠶᠢ ᠪᠡᠶᠡᠯᠡᠭᠦᠯᠪᠡ᠃ | ᠬᠤᠶᠠᠷ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠵᠥᠷᠢᠴᠡᠯ ᠵᠢᠭᠤᠷᠠᠯᠳᠤᠭᠠᠨ ᠡᠭᠦᠰᠬᠦ ᠶᠢ | ᠰᠡᠷᠭᠡᠶᠢᠯᠡᠨ᠎ᠡ | ᠬᠠᠷᠢᠶ᠎ᠠ ᠣᠷᠣᠨ ᠤ ᠠᠷᠠᠳ ᠤᠨ ᠴᠠᠭᠳᠠᠭ᠎ᠠ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠭᠢᠯᠡᠭᠰᠡᠳ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ | ᠳᠠᠶᠢᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ᠂ ᠰᠠᠭᠤᠭᠠᠯᠢ ᠠᠷᠠᠳ ᠤᠨ ᠬᠠᠷᠢᠭᠤ ᠲᠤᠰᠬᠠᠬᠤ᠂ | ᠰᠦᠯᠵᠢᠶᠡᠨ ᠤ ᠲᠣᠭᠤᠷᠢᠨ ᠪᠠᠶᠢᠴᠠᠭᠠᠯᠲᠠ ᠬᠢᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ᠂ ᠤᠷᠤᠭ ᠭᠡᠷ ᠪᠦᠯᠢ᠂ ᠭᠡᠷ ᠬᠥᠷᠥᠩᠭᠡ ᠶᠢᠨ ᠠᠳᠠᠯ ᠠᠬᠤᠶ᠂ ᠬᠠᠤᠯᠢ ᠴᠠᠭᠠᠵᠠ ᠳᠤ | ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠢᠴᠢ ︽ᠭᠤᠷᠪᠠᠨ ᠳᠣᠣᠷ᠎ᠠ ᠭᠤᠷᠪᠠᠨ ᠴᠥᠭᠡᠨ᠂ ᠳᠥᠷᠪᠡ ᠦᠭᠡᠢ᠂ | ᠲᠠᠪᠤ ᠶᠢ ᠠᠯᠳᠠᠭᠰᠠᠨ︾ ᠬᠥᠮᠦᠰ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠨᠡᠶᠢᠭᠡᠮ ᠲᠣᠭᠤᠷᠢᠭ ᠲᠤ | ᠣᠷᠣᠰᠢᠵᠤ ᠮᠡᠳᠡᠬᠦ ᠵᠥᠷᠢᠴᠡᠯ ᠵᠢᠭᠤᠷᠠᠯᠳᠤᠭᠠᠨ ᠤ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠴᠠᠭ ᠲᠤᠬᠠᠶ ᠳᠤᠨᠢ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠡᠷᠭᠡᠶᠢᠯᠡᠨ ᠠᠷᠢᠯᠭᠠᠵᠤ᠂ ︽ᠰᠠᠭᠤᠵᠤ ᠪᠠᠶᠢᠭ᠎ᠠ ᠭᠠᠵᠠᠷ ᠲᠤ | ᠬᠦᠷᠴᠦ᠂ ᠰᠠᠨᠠᠭᠠᠴᠢᠯᠠᠭ᠎ᠠ ᠦᠭᠡᠢ ᠪᠠᠷ ᠡᠶᠡᠳᠡᠭᠦᠯᠬᠦ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠵᠢᠭᠰᠠᠭᠠᠨ | ᠪᠠᠶᠢᠴᠠᠭᠠᠵᠤ᠂ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ ᠪᠣᠯᠭᠠᠨ ᠬᠤᠪᠢᠷᠠᠭᠤᠯᠵᠤ᠂ ᠵᠥᠷᠢᠴᠡᠯ ᠵᠢᠭᠤᠷᠠᠯᠳᠤᠭᠠᠨ ᠢ | ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ᠂ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠪᠠ᠃ | ᠭᠤᠷᠪᠠ᠂ ᠡᠶᠡᠳᠡᠭᠦᠯᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠵᠥᠷᠢᠴᠡᠯ ᠢ ᠲᠤᠭᠤᠰᠢᠲᠠᠢ ᠰᠢᠢᠳᠪᠦᠷᠢᠯᠡᠬᠦ ᠶᠢ | ᠦᠨᠡᠨ ᠬᠦ ᠪᠠᠲᠤᠯᠠᠨ᠎ᠠ | ᠨᠡᠶᠢᠭᠡᠮ ᠲᠣᠭᠤᠷᠢᠭ ᠨᠢ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ᠂ ᠪᠣᠳᠠᠲᠤ ᠠᠵᠢᠯᠯᠠᠭᠠᠨ ᠤ ᠲᠤᠷᠰᠢᠯᠭ᠎ᠠ | ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠤᠨ ᠡᠶᠡᠳᠡᠭᠦᠯᠦᠭᠴᠢ ᠶᠢᠨ | ᠲᠤᠬᠠᠶᠢᠯᠠᠭᠰᠠᠨ ᠠᠵᠢᠯ ᠤᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢᠴᠢ ᠪᠠ | ᠠᠷᠠᠳ ᠤᠨ ᠡᠶᠡᠳᠡᠭᠦᠯᠦᠭᠴᠢ ᠶᠢ ᠵᠣᠬᠢᠶᠠᠨ ᠪᠠᠶᠢᠭᠤᠯᠤᠨ ᠬᠠᠤᠯᠢ ᠴᠠᠭᠠᠵᠠ ᠶᠢᠨ ᠲᠠᠶᠢᠯᠤᠮᠵᠢ ᠬᠢᠯᠭᠡᠵᠦ᠂ ᠬᠠᠨᠳᠤᠯᠭᠠᠲᠤ | ᠴᠢᠨᠠᠷᠲᠠᠶ ᠲᠤᠬᠠᠶᠢᠯᠠᠭᠰᠠᠨ ᠠᠵᠢᠯ ᠤᠨ ᠲᠠᠶᠢᠯᠤᠮᠵᠢ ᠪᠠ ᠵᠢᠯᠣᠭᠤᠳᠣᠯᠭ᠎ᠠ ᠬᠢᠵᠦ᠂ ᠡᠶᠡᠳᠡᠭᠦᠯᠦᠭᠴᠢ ᠶᠢᠨ ᠠᠷᠠᠳ ᠤᠨ | ᠡᠶᠡᠳᠡᠭᠦᠯᠭᠡ ᠶᠢᠨ ᠠᠵᠢᠯ ᠤᠨ ᠲᠤᠬᠠᠶ ᠮᠡᠳᠡᠯᠭᠡ ᠶᠢᠨ ᠨᠥᠭᠡᠴᠡ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ | ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠨᠠᠮᠳᠠᠭᠤᠯᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ | ᠠᠬᠢᠭᠤᠯᠬᠤ ᠳᠤ ᠪᠠᠲᠤ ᠪᠠᠬᠢ ᠬᠠᠤᠯᠢ ᠪᠠᠷ ᠵᠠᠰᠠᠬᠤ ᠰᠠᠭᠤᠷᠢ ᠶᠢ ᠲᠠᠯᠪᠢᠵᠤ ᠥᠭᠬᠦ ᠶᠢᠨ ᠬᠠᠮᠲᠤ ᠰᠤᠯᠠ ᠰᠡᠯᠡᠭᠦᠦ | ᠴᠠᠭ ᠢ ᠠᠰᠢᠭᠯᠠᠨ᠂ ᠡᠶᠡᠳᠡᠭᠦᠯᠦᠭᠴᠢ ᠳᠤ ᠬᠦᠴᠦᠨ ᠴᠢᠳᠠᠯ ᠣᠯᠭᠤᠵᠤ᠂ ᠠᠷᠠᠳ ᠤᠨ ᠡᠶᠡᠳᠡᠭᠦᠯᠭᠡ ᠶᠢᠨ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠡᠶᠡᠳᠡᠭᠦᠯᠬᠦ ᠠᠷᠭ᠎ᠠ᠂ ᠡᠶᠡᠳᠡᠭᠦᠯᠬᠦ ᠤᠷ᠎ᠠ ᠮᠡᠷᠭᠡᠵᠢᠯ ᠵᠡᠷᠭᠡ | ᠮᠡᠳᠡᠯᠭᠡ ᠶᠢ ᠰᠤᠷᠤᠯᠴᠠᠭᠤᠯᠪᠠ᠃ ᠡᠨᠡ ᠵᠢᠯ ᠠᠴᠠ ᠨᠠᠭᠠᠰᠢ᠂ ᠪᠦᠦ ᠯᠢ ᠨᠡᠶᠢᠭᠡᠮ ᠲᠣᠭᠤᠷᠢᠭ ᠵᠥᠷᠢᠴᠡᠯ | ᠵᠢᠭᠤᠷᠠᠯᠳᠤᠭᠠᠨ ᠢ ᠨᠡᠶᠢᠲᠡ 63 ᠤᠳᠠᠭ᠎ᠠ ᠡᠶᠡᠳᠡᠭᠦᠯᠪᠡ ︵ᠡᠭᠦᠨ ᠳᠤ ᠠᠳᠠᠯ ᠠᠬᠤᠶ ᠶᠢᠨ ᠵᠢᠭᠤᠷᠠᠯᠳᠤᠭᠠᠨ 34 | ᠤᠳᠠᠭ᠎ᠠ᠂ ᠡᠷ᠎ᠡ ᠡᠮ᠎ᠡ ᠬᠤᠶᠠᠭᠤᠯᠠ ᠶᠢᠨ ᠵᠥᠷᠢᠴᠡᠯ 5 ᠤᠳᠠᠭ᠎ᠠ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ 13 | ᠤᠳᠠᠭ᠎ᠠ᠂ ᠭᠡᠷ ᠪᠠᠶᠢᠰᠢᠩ ᠤᠨ ᠵᠢᠭᠤᠷᠠᠯᠳᠤᠭᠠᠨ 1 ᠤᠳᠠᠭ᠎ᠠ᠂ ᠨᠠᠰᠤᠲᠠᠨ ᠢᠶᠠᠨ ᠠᠰᠠᠷᠠᠨ ᠲᠡᠵᠢᠭᠡᠬᠦ ᠵᠢᠭᠤᠷᠠᠯᠳᠤᠭᠠᠨ 1 | ᠤᠳᠠᠭ᠎ᠠ᠂ ᠰᠢᠭᠤᠳ ᠤᠤᠭᠤᠬᠤ ᠤᠰᠤᠨ ᠤ ᠠᠰᠠᠭᠤᠳᠠᠯ 1 ᠤᠳᠠᠭ᠎ᠠ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ 3 | ᠤᠳᠠᠭ᠎ᠠ᠂ ᠳᠤᠯᠠᠭᠠᠯᠠᠭ᠎ᠠ ᠬᠠᠩᠭᠠᠬᠤ ᠵᠢᠭᠤᠷᠠᠯᠳᠤᠭᠠᠨ 5 ᠤᠳᠠᠭ᠎ᠠ︶᠃ | ᠳᠥᠷᠪᠡ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠵᠤ᠂ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠣᠶ ᠪᠤᠯᠭᠠᠨ᠎ᠠ | ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢ | ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠬᠦ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠡᠯ᠎ᠡ ᠲᠠᠯ᠎ᠠ ᠶᠢᠨ ᠡᠬᠢ | ᠪᠠᠶᠠᠯᠢᠭ ᠢ ᠨᠢᠭᠡᠳᠦᠯᠲᠡᠶ ᠲᠥᠯᠥᠪᠯᠡᠨ᠂ ᠬᠠᠷᠢᠶ᠎ᠠ ᠣᠷᠣᠨ ᠤ ᠬᠠᠮᠲᠤᠪᠠᠷ ᠪᠠᠶᠢᠭᠤᠯᠤᠭᠰᠠᠨ ᠨᠢᠭᠡᠴᠢ ᠶᠢᠨ ᠪᠤᠭᠤᠲᠤ ᠶᠢᠨ | ᠲᠠᠷᠢᠶᠠᠯᠠᠩ ᠤᠨ ᠬᠤᠳᠠᠯᠳᠤᠭᠠᠨ ᠤ ᠪᠠᠩᠬᠢ᠂ ᠪᠤᠭᠤᠲᠤ ᠬᠤᠲᠠ ᠶᠢᠨ ᠭᠤᠴᠢᠨ ᠵᠢᠷᠭᠤᠳᠤᠭᠠᠷ ᠳᠤᠮᠳᠠᠳᠤ ᠰᠤᠷᠭᠠᠭᠤᠯᠢ᠂ | ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠮᠠᠷᠠᠲᠤ ᠲᠡᠭᠦᠷᠭᠡ ᠶᠢᠨ ᠤᠰᠤᠨ ᠤ ᠴᠢᠨᠠᠷ ᠢ ᠴᠡᠪᠡᠷᠰᠢᠭᠦᠯᠬᠦ | ᠦᠢᠯᠡᠳᠪᠦᠷᠢ᠂ ᠢᠦᠶ ᠸᠧᠨ ᠰᠤᠷᠭᠠᠨ ᠬᠥᠮᠦᠵᠢᠯ ᠤᠨ ᠪᠦᠯᠦᠭᠯᠡᠯ᠂ ᠫᠦ᠋ ᠹᠠ ᠪᠠᠩᠬᠢ ᠶᠢᠨ ᠴᠢᠩᠱᠠᠨ ᠤ ᠰᠠᠯᠪᠤᠷᠢ ᠪᠠᠩᠬᠢ | ᠵᠢᠴᠢ ᠮᠧᠩ ᠱᠠᠩ ᠪᠠᠩᠬᠢ ᠶᠢ ᠠᠰᠢᠭᠯᠠᠵᠤ᠂ ᠪᠦᠦ ᠯᠢ ᠰᠢᠨ᠎ᠡ ᠪᠠᠶᠢᠳᠠᠯ ᠳᠤ ᠲᠦᠰᠢᠭᠯᠡᠨ ᠠᠴᠢᠶᠠᠯᠠᠪᠤᠷᠢ ᠪᠣᠯᠭᠠᠵᠤ᠂ | ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠬᠠᠤᠯᠢ ᠶᠢ ᠰᠤᠷᠴᠤ ᠬᠠᠤᠯᠢ ᠶᠢ ᠰᠠᠬᠢᠬᠤ᠂ | ᠥᠭᠡᠳᠡᠯᠡᠨ ᠳᠠᠪᠰᠢᠬᠤ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠬᠠᠷᠢᠶᠠᠲᠤ ᠣᠷᠣᠨ ᠤ ᠠᠷᠠᠳ ᠤᠨ ᠴᠠᠭᠳᠠᠭ᠎ᠠ᠂ ︽ᠬᠠᠤᠯᠢ ᠴᠠᠭᠠᠵᠠ ᠶᠢᠨ ᠲᠣᠳᠣᠷᠬᠠᠶ ᠬᠥᠮᠦᠨ︾ ᠤ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ 18 ᠲᠠᠯᠠᠪᠤᠷ ᠤᠳᠠᠭ᠎ᠠ ᠥᠷᠨᠢᠭᠦᠯᠵᠦ᠂ | ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠠᠶᠤᠯᠭᠦᠶ ᠦᠢᠯᠡᠳᠪᠦᠷᠢᠯᠡᠯ᠂ ᠣᠷᠤᠭ ᠬᠡᠷ ᠪᠦᠯᠢ᠂ ᠬᠠᠤᠯᠢ | ᠪᠤᠰᠤ ᠪᠠᠷ ᠪᠠᠯᠠ ᠴᠤᠭᠯᠠᠭᠤᠯᠬᠤ ᠵᠢᠴᠢ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠵᠡᠷᠭᠡ ᠲᠠᠯ᠎ᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠣᠯᠠᠨ ᠲᠦᠮᠡᠨ ᠤ ᠬᠠᠤᠯᠢ ᠴᠠᠭᠠᠵᠠ ᠶᠢᠨ | ᠤᠬᠠᠮᠰᠠᠷ ᠪᠠ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ | ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠣᠯᠠᠨ ᠲᠦᠮᠡᠨ ᠤ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠵᠢᠭᠤᠷᠠᠯᠳᠤᠭᠠᠨ ᠢ | ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠠᠷᠰᠢ ᠰᠠᠭᠠᠳ ᠢ ᠡᠬᠢ ᠡᠭᠦᠰᠦᠯ ᠠᠴᠠ ᠨᠢ | ᠪᠠᠭᠠᠰᠬᠠᠵᠤ᠂ ᠵᠥᠷᠢᠴᠡᠯ ᠢ ᠨᠠᠮᠳᠠᠭᠤᠯᠤᠨ ᠡᠶ᠎ᠡ ᠵᠣᠬᠢᠴᠠᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠪᠦᠯᠬᠦᠮᠳᠡᠯ | ᠲᠣᠭᠲᠠᠭᠤᠨ ᠢ ᠪᠦᠲᠦᠮᠵᠢᠲᠡᠶ ᠬᠠᠮᠠᠭᠠᠯᠠᠬᠤ ᠶᠢ ᠵᠣᠷᠢᠭᠵᠢᠭᠤᠯᠪᠠ᠃ | ᠳᠠᠷᠠᠭᠠᠴᠢ ᠶᠢᠨ ᠠᠯᠬᠤᠮ ᠳᠤ᠂ ᠴᠢᠩ ᠹᠦ᠋ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠦᠷᠭᠦᠯᠵᠢᠯᠡᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠶᠢᠭᠡᠮ | ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠ ᠵᠠᠰᠠᠯᠲᠠ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠪᠠᠷ ᠴᠢᠷᠮᠠᠶᠢᠵᠤ᠂ ᠠᠷᠠᠳ ᠲᠦᠮᠡᠨ ᠳᠤ ᠦᠢᠯᠡᠴᠢᠯᠡᠬᠦ ᠵᠠᠭᠪᠤᠷ ᠢ ᠰᠦᠪᠡᠭᠴᠢᠯᠡᠵᠦ᠂ ᠬᠠᠶᠢᠷ᠎ᠠ | ᠰᠡᠳᠬᠢᠯᠭᠡ ᠲᠠᠢ ᠦᠢᠯᠡᠴᠢᠯᠡᠭᠡ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠳᠡᠷᠭᠡᠳᠡᠬᠢ ᠬᠠᠮᠤᠭ ᠤᠨ ᠰᠢᠭᠤᠳ᠂ | ᠬᠠᠮᠤᠭ ᠤᠨ ᠪᠣᠳᠠᠲᠠᠶ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠨ ᠱᠠᠲᠤᠨ ᠤ ᠵᠥᠷᠢᠴᠡᠯ | ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠨᠡᠨ ᠬᠦ ᠥᠩᠭᠡ ᠪᠤᠳᠤᠭ ᠲᠠᠢ᠂ ᠬᠠᠶᠢᠷ᠎ᠠ ᠰᠡᠳᠬᠢᠯᠭᠡ ᠲᠠᠢ᠂ | ᠠᠮᠢᠵᠢᠷᠠᠯ ᠤᠨ ᠬᠦᠴᠦᠨ ᠲᠠᠢ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠨᠠᠩ ᠣᠯᠠᠨ ᠠᠮᠤᠷ | ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠨ᠎ᠠ᠃ | | | | | | | | | | | | |