ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ | ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ | ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠥᠨᠳᠦᠷᠯᠢᠭ ᠢ | ᠴᠣᠭᠴᠠᠯᠠᠬᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠷᠭ᠎ᠠ | ᠵᠠᠮ ᠢ ᠬᠠᠶᠢᠨ ᠰᠦᠪᠡᠭᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ 2024 ᠣᠨ ᠤ 12 ᠰᠠᠷ᠎ᠠ ᠶᠢᠨ 31 ᠤ | ᠡᠳᠦᠷ᠂ ᠴᠢᠩᠱᠠᠨ ᠲᠣᠭᠤᠷᠢᠭ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠶᠠᠷᠢᠯᠴᠠᠬᠤ ᠬᠤᠷᠠᠯ | ᠡᠷᠭᠢᠯᠡᠪᠡ᠃ ᠲᠣᠰ ᠤᠳᠠᠭᠠᠨ ᠤ ᠬᠤᠷᠠᠯ ᠤᠨ ᠵᠣᠷᠢᠯᠭ᠎ᠠ ᠨᠢ ᠨᠢᠭᠡᠨ ᠪᠠᠶᠢᠩᠭᠤᠵᠢᠭᠤᠯᠤᠭᠰᠠᠨ ᠨᠡᠪᠲᠡᠷᠡᠯᠴᠡᠨ | ᠰᠣᠯᠢᠯᠴᠠᠬᠤ ᠲᠠᠪᠴᠠᠩ ᠢ ᠪᠠᠶᠢᠭᠤᠯᠵᠤ᠂ ᠴᠢᠳᠠᠪᠤᠷᠢᠲᠠᠨ ᠠᠴᠠ ᠠᠷᠭ᠎ᠠ ᠪᠣᠳᠣᠯᠭ᠎ᠠ ᠠᠰᠠᠭᠤᠵᠤ᠂ ᠴᠢᠳᠠᠪᠤᠷᠢᠲᠠᠨ ᠠᠴᠠ | ᠲᠥᠭᠡᠷᠢᠭᠳᠡᠯ ᠢ ᠲᠠᠶᠢᠯᠵᠤ᠂ ᠴᠢᠳᠠᠪᠤᠷᠢᠲᠠᠨ ᠤ ᠰᠡᠳᠬᠢᠯ ᠤᠨ ᠦᠭᠡ ᠶᠢ ᠨᠠᠩ ᠰᠠᠶᠢᠲᠤᠷ ᠰᠣᠨᠣᠰᠴᠤ᠂ ᠡᠭᠦᠨ ᠤ | ᠤᠯᠠᠮ ᠠᠴᠠ ᠴᠢᠳᠠᠪᠤᠷᠢᠲᠠᠨ ᠤ ᠠᠮᠢ ᠠᠬᠤᠶ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠡᠭᠦᠳᠦᠨ ᠪᠦᠲᠦᠭᠡᠬᠦ ᠳᠠᠯᠳᠠ ᠬᠦᠴᠦᠨ ᠢ ᠤᠯᠠᠮ ᠨᠢᠭᠡ ᠠᠯᠬᠤᠮ | ᠬᠥᠭᠵᠢᠭᠡᠬᠦ ᠶᠢᠨ ᠲᠥᠯᠥᠭᠡ ᠶᠤᠮ᠃ ᠬᠤᠷᠠᠯ ᠢ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ ᠢᠦᠶ ᠴᠢᠤᠸᠠᠨ ᠹᠦ᠋ | ᠡᠷᠭᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠣᠯᠭᠤᠯᠲᠠ ᠶᠢᠨ | ᠵᠠᠬ᠎ᠠ ᠳᠡᠯᠭᠡᠭᠦᠷ ᠤᠨ ᠬᠡᠯᠲᠡᠰ ᠤᠨ ᠳᠡᠳ᠋ ᠳᠠᠷᠤᠭ᠎ᠠ ᡁᠢ ᠭᠦᠸᠧ ᠸᠧᠶ᠂ ᠪᠤᠭᠤᠲᠤ ᠶᠢᠨ ᠪᠠᠭᠰᠢ ᠶᠢᠨ ᠳᠡᠭᠡᠳᠦ | ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠵᠣᠣ ᠵᠢᠶᠠᠨ ᠵᠢᠶᠦ᠋ᠨ᠂ | ᠪᠤᠭᠤᠲᠤ ᠬᠤᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ | ᠵᠧᠤ ᠰᠢᠩ ᠱᠧᠩ᠂ ᠺᠧ ᠳ᠋ᠠ ᠰᠢᠶᠦ᠋ᠨ ᠹᠸᠢ ᠥᠪᠥᠷ ᠮᠣᠩᠭᠤᠯ ᠤᠨ ᠶᠡᠷᠦᠩᠬᠡᠶ ᠣᠷᠣᠯᠠᠭᠴᠢ ᠿᠦᠩ ᠰᠢᠶᠤᠤ ᠢᠦᠶ᠂ | ᠪᠤᠭᠤᠲᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢᠨ ᠰᠤᠳᠤᠯᠭᠠᠨ ᠤ ᠬᠦᠷᠢᠶᠡᠯᠡᠩ ᠤᠨ | ᠾᠧᠦ ᠮᠢᠩ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ | ᠵᠢᠴᠢ ᠴᠢᠩᠱᠠᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠬᠠᠮᠢᠶᠠᠷᠤᠯᠲᠠ ᠶᠢᠨ ᠪᠦᠯᠬᠦᠮ ᠤᠨ | ᠲᠥᠯᠥᠭᠡᠯᠡᠭᠴᠢ ᠪᠠ ᠰᠤᠷᠭᠠᠨ ᠬᠥᠮᠦᠵᠢᠯ ᠤᠨ ᠴᠢᠳᠠᠪᠤᠷᠢᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ ᠡᠭᠦᠨ ᠤ | ᠬᠠᠮᠲᠤ ᠰᠦᠯᠵᠢᠶᠡᠨ ᠳᠡᠭᠡᠷ᠎ᠡ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠡᠩᠨᠡᠭᠡ ᠶᠢᠨ ᠪᠣᠯᠪᠠᠰᠤᠷᠠᠯ ᠰᠤᠳᠤᠯᠤᠨ ᠰᠤᠷᠤᠯᠴᠠᠬᠤ ᠲᠥᠪ ᠤᠨ ᠳᠡᠳ᠋ ᠡᠷᠬᠢᠯᠡᠭᠴᠢ ᠵᠠᠩ | ᠵᠢᠶᠦ᠋ᠨ ᠬᠤᠸᠠ ᠶᠢ ᠤᠷᠢᠪᠠ᠃ | ᠬᠤᠷᠠᠯ ᠳᠡᠭᠡᠷ᠎ᠡ᠂ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ᠂ ᠶᠡᠭᠡ ᠳᠡᠭᠡᠳᠦ ᠰᠤᠷᠭᠠᠭᠤᠯᠢ᠂ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠮᠠᠰᠢ ᠣᠯᠠᠨ ᠰᠢᠯᠢᠳᠡᠭ ᠲᠥᠯᠥᠭᠡᠯᠡᠭᠴᠢ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠤ | ᠤᠬᠠᠭᠤᠯᠭ᠎ᠠ ᠶᠢᠨ ᠹᠢᠯᠢᠮ ᠢ ᠦᠵᠡᠵᠦ᠂ ᠴᠢᠩᠱᠠᠨ ᠲᠣᠭᠤᠷᠢᠭ ᠤᠨ ᠤᠢᠢᠷ᠎ᠠ ᠶᠢᠨ ᠵᠢᠯ ᠠᠴᠠ ᠨᠠᠭᠠᠰᠢᠬᠢ ᠰᠤᠷᠭᠠᠨ | ᠬᠥᠮᠦᠵᠢᠯ ᠤᠨ ᠴᠢᠳᠠᠪᠤᠷᠢᠲᠠᠨ ᠤ ᠠᠵᠢᠯ ᠤᠨ ᠬᠦᠷᠢᠶᠡᠨ ᠳᠤ ᠣᠯᠤᠭᠰᠠᠨ ᠢᠯᠡᠳᠲᠡ ᠠᠮᠵᠢᠯᠲᠠ ᠪᠦᠲᠦᠮᠵᠢ ᠶᠢ | ᠭᠡᠷᠡᠴᠢᠯᠡᠪᠡ᠃ ᠬᠤᠷᠠᠯ ᠳᠡᠭᠡᠷ᠎ᠡ ᠣᠯᠠᠨ ᠢᠶᠠᠷ ᠢᠶᠠᠨ ᠨᠠᠷᠢᠯᠢᠭ ᠤᠨᠤᠪᠴᠢᠲᠠᠢ ᠴᠢᠳᠠᠪᠤᠷᠢᠲᠠᠨ ᠢ ᠲᠠᠲᠠᠬᠤ᠂ | ᠴᠢᠳᠠᠪᠤᠷᠢᠲᠠᠨ ᠢ ᠦᠯᠡᠳᠡᠭᠡᠨ ᠬᠡᠷᠡᠭᠯᠡᠬᠦ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠤ ᠰᠢᠯᠵᠢᠯᠲᠡ᠂ | ᠴᠢᠳᠠᠪᠤᠷᠢᠲᠠᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠠᠰᠠᠭᠤᠳᠠᠯ ᠤᠨ ᠲᠤᠬᠠᠶ ᠬᠤᠶᠢᠨ᠎ᠠ | ᠬᠤᠶᠢᠨ᠎ᠠ ᠠᠴᠠ ᠪᠠᠨ ᠶᠠᠷᠢᠶ᠎ᠠ ᠲᠠᠯᠪᠢᠭᠰᠠᠨ ᠪᠥᠭᠡᠳ ᠭᠦᠨᠵᠡᠭᠡᠶ ᠰᠤᠳᠤᠯᠤᠨ ᠶᠠᠷᠢᠯᠴᠠᠵᠤ ᠰᠣᠯᠢᠯᠴᠠᠵᠤ᠂ ᠲᠣᠰ | ᠲᠣᠰ ᠤᠨ ᠡᠷᠬᠢᠮ ᠨᠠᠨᠳᠢᠨ ᠲᠤᠷᠰᠢᠯᠭ᠎ᠠ ᠪᠠ ᠦᠵᠡᠯᠲᠡ ᠪᠠᠨ ᠬᠤᠪᠢᠶᠠᠯᠴᠠᠪᠠ᠃ | ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠡᠩᠨᠡᠭᠡ ᠶᠢᠨ ᠪᠣᠯᠪᠠᠰᠤᠷᠠᠯ ᠰᠤᠳᠤᠯᠤᠨ ᠰᠤᠷᠤᠯᠴᠠᠬᠤ ᠲᠥᠪ ᠤᠨ ᠳᠡᠳ᠋ ᠡᠷᠬᠢᠯᠡᠭᠴᠢ ᠵᠠᠩ ᠵᠢᠶᠦ᠋ᠨ ᠬᠤᠸᠠ | ᠴᠢᠳᠠᠪᠤᠷᠢᠲᠠᠨ ᠤ ᠠᠵᠢᠯ ᠤᠨ ᠲᠤᠰᠬᠠᠶ ᠰᠡᠳᠦᠪᠲᠦ ᠰᠦᠯᠵᠢᠶᠡᠨ ᠳᠡᠭᠡᠷᠡᠬᠢ ᠲᠠᠶᠢᠯᠤᠮᠵᠢ ᠬᠢᠪᠠ᠃ ᠡᠷᠬᠢᠯᠡᠭᠴᠢ ᠵᠠᠩ | ᠵᠢᠶᠦ᠋ᠨ ᠬᠤᠸᠠ ᠴᠢᠳᠠᠪᠤᠷᠢᠲᠠᠨ ᠤ ᠦᠨ᠎ᠡ ᠦᠷᠳᠡᠭ᠂ ᠴᠢᠳᠠᠪᠤᠷᠢᠲᠠᠨ ᠢ ᠰᠢᠯᠢᠨ ᠰᠣᠩᠭᠤᠬᠤ᠂ ᠴᠢᠳᠠᠪᠤᠷᠢᠲᠠᠨ ᠢ | ᠲᠣᠮᠢᠯᠠᠨ ᠬᠡᠷᠡᠭᠯᠡᠬᠦ ᠵᠡᠷᠭᠡ ᠭᠤᠷᠪᠠᠨ ᠲᠠᠯ᠎ᠠ ᠪᠠᠷ ᠲᠠᠶᠢᠯᠤᠮᠵᠢ ᠬᠢᠪᠡ᠃ ᠲᠡᠷᠡ᠂ ᠴᠢᠳᠠᠪᠤᠷᠢᠲᠠᠨ ᠪᠣᠯ ᠰᠤᠷᠭᠠᠨ | ᠬᠥᠮᠦᠵᠢᠯ ᠤᠨ ᠰᠠᠭᠤᠷᠢ ᠮᠥᠨ᠂ ᠲᠠᠪᠤᠨ ᠨᠠᠭᠤᠷ ᠳᠦᠷᠪᠡᠨ ᠲᠠᠩᠭᠢᠰ ᠠᠴᠠ ᠴᠢᠳᠠᠪᠤᠷᠢᠲᠠᠨ ᠢ ᠰᠢᠯᠢᠨ | ᠰᠣᠩᠭᠤᠬᠤ ᠶᠢᠨ ᠬᠠᠮᠲᠤ ᠬᠥᠮᠦᠨ ᠤ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠬᠥᠮᠦᠨ ᠪᠠ ᠠᠵᠢᠯ ᠤᠨ ᠪᠠᠶᠢᠷᠢ ᠶᠢ | ᠬᠠᠷᠢᠯᠴᠠᠨ ᠵᠣᠬᠢᠴᠠᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ᠲ᠋ᠠᠷᠤᠭ᠎ᠠ ᠢᠦᠶ ᠴᠢᠤᠸᠠᠨ ᠹᠦ᠋ ᠳ᠋ᠦᠩᠨᠡᠯᠲᠡ ᠶᠢᠨ ᠶᠠᠷᠢᠶ᠎ᠠ | ᠲᠠᠯᠪᠢᠪᠠ᠃ ᠲᠡᠷᠡ᠂ ᠴᠢᠳᠠᠪᠤᠷᠢᠲᠠᠨ ᠤ ᠠᠵᠢᠯ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠴᠢᠩᠱᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ | ᠲᠣᠬᠢᠶᠠᠯ ᠪᠣᠯᠭᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠤᠨ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠢᠷᠡᠭᠡᠳᠦᠢ ᠳᠤ ᠶᠡᠭᠡ ᠳᠡᠭᠡᠳᠦ ᠰᠤᠷᠭᠠᠭᠤᠯᠢ᠂ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠵᠡᠷᠭᠡ ᠨᠡᠶᠢᠭᠡᠮ ᠤᠨ ᠡᠯ᠎ᠡ ᠡᠲᠡᠭᠡᠳ ᠯᠦᠭᠡ ᠶᠢᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠳᠤ ᠨᠡᠩ ᠤᠯᠠᠨ ᠰᠢᠨ᠎ᠡ ᠶᠢ ᠡᠭᠦᠳᠬᠦ ᠡᠯᠧᠮᠧᠨ᠋ᠲ ᠪᠠ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠨ᠎ᠡ ᠭᠡᠵᠦ ᠴᠢᠬᠤᠯᠠᠴᠢᠯᠠᠪᠠ᠃ ᠲᠡᠷᠡ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠡᠷᠡᠰ | ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠠᠵᠢᠯ ᠤᠨ ᠲᠣᠭᠲᠠᠴᠠ ᠶᠢᠨ ᠰᠢᠨ᠎ᠡ ᠶᠢ ᠲᠠᠰᠤᠷᠠᠯᠲᠠ | ᠦᠭᠡᠢ ᠡᠭᠦᠳᠴᠦ᠂ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ | ᠴᠢᠳᠠᠪᠤᠷᠢᠲᠠᠨ ᠳᠤ ᠨᠡᠩ ᠥᠷᠭᠡᠨ ᠠᠭᠤᠳᠠᠮ ᠬᠥᠭᠵᠢᠯᠲᠡ ᠶᠢᠨ ᠲᠠᠪᠴᠠᠩ ᠪᠠ ᠰᠠᠶᠢᠨ ᠰᠠᠶᠢᠬᠠᠨ ᠦᠰᠦᠨ ᠪᠤᠶᠢᠵᠢᠬᠤ | ᠨᠥᠬᠦᠴᠡᠯ ᠢ ᠬᠠᠩᠭᠠᠨ᠎ᠠ ᠭᠡᠵᠦ ᠢᠯᠡᠳᠬᠡᠪᠡ᠃ ᠲᠡᠷᠡ᠂ ᠡᠯ᠎ᠡ ᠲᠠᠯ᠎ᠠ ᠶᠢᠨ ᠬᠢᠨ ᠴᠢᠩᠱᠠᠨ ᠤ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠰᠤᠷᠭᠠᠨ ᠬᠥᠮᠦᠵᠢᠯ ᠤᠨ ᠥᠨᠳᠦᠷᠯᠢᠭ ᠢ | ᠴᠣᠭᠴᠠᠯᠠᠬᠤ᠂ ᠴᠢᠩᠱᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ | ᠲᠤᠰ ᠤᠳᠠᠭ᠎ᠠ ᠶᠢᠨ ᠴᠢᠳᠠᠪᠤᠷᠢᠲᠠᠨ ᠤ ᠶᠠᠷᠢᠯᠴᠠᠬᠤ ᠬᠤᠷᠠᠯ ᠢ ᠡᠷᠬᠢᠯᠡᠭᠰᠡᠨ ᠨᠢ ᠴᠢᠩᠱᠠᠨ ᠤ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢ | ᠨᠡᠮᠡᠷᠢᠯᠡᠭᠰᠡᠨ ᠪᠥᠭᠡᠳ ᠡᠯ᠎ᠡ ᠲᠠᠯ᠎ᠠ ᠶᠢᠨ ᠬᠢᠨ ᠳᠤ ᠰᠣᠯᠢᠯᠴᠠᠭ᠎ᠠ ᠬᠠᠮᠲᠤᠷᠠᠯᠴᠠᠭ᠎ᠠ᠂ ᠬᠥᠭᠵᠢᠯᠲᠡ ᠶᠢ ᠬᠠᠮᠲᠤ ᠪᠠᠷ | ᠰᠦᠪᠡᠭᠴᠢᠯᠡᠬᠦ ᠲᠠᠪᠴᠠᠩ ᠬᠠᠩᠭᠠᠭᠰᠠᠨ ᠪᠠᠶᠢᠨ᠎ᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠴᠢᠩᠱᠠᠨ | ᠲᠣᠭᠤᠷᠢᠭ ᠨᠢ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠪᠠᠶᠢᠳᠠᠯ ᠢ ᠡᠭᠦᠳᠴᠦ᠂ ᠨᠡᠩ ᠦᠵᠡᠰᠬᠦᠯᠡᠩᠲᠦ | ᠰᠠᠶᠢᠬᠠᠨ ᠬᠠᠭᠤᠳᠠᠰᠤ ᠶᠢ ᠪᠢᠴᠢᠭᠯᠡᠬᠦ ᠶᠢ ᠢᠲᠡᠭᠡᠵᠦ ᠪᠠᠶᠢᠨ᠎ᠠ᠃ | | | | | | | | |