1 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ | ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠠᠩᠬᠠᠳᠤᠭᠠᠷ ᠪᠥᠬᠦᠳᠡ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠪᠥᠬᠦᠳᠡ ᠬᠤᠷᠠᠯ ᠳᠤ ᠠᠵᠢᠯ ᠢᠶᠠᠨ ᠮᠡᠳᠡᠭᠦᠯᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠳᠠᠷᠤᠭ᠎ᠠ ᠪᠠᠶ ᠶᠦᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠤᠰ ᠤᠳᠠᠭ᠎ᠠ ᠶᠢᠨ ᠪᠥᠬᠦᠳᠡ ᠬᠤᠷᠠᠯ ᠤᠨ ᠭᠤᠤᠯ ᠡᠭᠦᠷᠭᠡ ᠪᠣᠯ᠄ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ | ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ | ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠤᠨ᠎ᠠ᠃ |