12 ᠰᠠᠷ᠎ᠠ ᠶᠢᠨ 5 ᠤ ᠡᠳᠦᠷ᠂ ᠵᠢᠯ ᠤᠨ ᠡᠵᠡᠩᠨᠡᠯᠲᠡ ᠶᠢᠨ ᠨᠣᠷᠮ᠎ᠠ ᠨᠢ ᠪᠠᠷᠤᠭ 1 ᠳ᠋ᠦᠩᠰᠢᠭᠤᠷ ᠲᠥᠭᠦᠷᠢᠭ | ᠬᠦᠷᠦᠭᠰᠡᠨ ᠪᠤᠭᠤᠲᠤ ᠬᠤᠲᠠ ᠶᠢᠨ ᠤᠤ ᠱᠢ ᠾᠧ ᠲᠠᠢ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠲᠣᠮᠣ ᠬᠡᠯᠪᠡᠷᠢ ᠶᠢᠨ ᠵᠠᠮ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠰᠠᠭᠤᠷᠢᠨ | ᠭᠠᠵᠠᠷ ᠤᠨ ᠲᠥᠷᠥᠯ ᠵᠦᠢᠯ ᠴᠢᠩᠱᠠᠨ ᠲᠣᠭᠤᠷᠢᠭ ᠲᠤ ᠭᠡᠷ᠎ᠡ ᠲᠣᠭᠲᠠᠵᠤ ᠨᠠᠶᠢᠲᠠᠪᠦᠷᠢᠵᠢᠭᠤᠯᠪᠠ᠃ ᠲᠥᠷᠥᠯ | ᠵᠦᠢᠯ ᠨᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠰᠢᠨ᠎ᠡ ᠲᠥᠯᠥᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ 20 ᠭᠠᠷᠤᠶ ᠮᠥ ᠭᠠᠵᠠᠷ ᠬᠡᠷᠡᠭᠯᠡᠬᠦ ᠪᠠᠷ ᠲᠥᠯᠥᠪᠯᠡᠵᠦ᠂ | ᠨᠡᠶᠢᠲᠡ 3000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠤᠬᠠᠶᠢᠯᠠᠭᠰᠠᠨ ᠠᠵᠢᠯ ᠳᠤ ᠭᠤᠤᠯᠳᠠᠭᠤ ᠮᠣᠩᠭᠤᠯ | ᠤᠯᠤᠰ ᠠᠴᠠ ᠪᠤᠭᠤᠲᠤ ᠣᠷᠣᠨ ᠬᠦᠷᠲᠡᠯᠡᠬᠢ ᠠᠭᠤᠷᠬᠠᠶ ᠶᠢᠨ ᠭᠠᠷᠤᠯᠲᠠ ᠮᠠᠯᠲᠠᠬᠤ ᠪᠠ ᠲᠡᠭᠡᠭᠡᠪᠦᠷᠢᠯᠡᠬᠦ ᠵᠡᠷᠭᠡ ᠶᠢ | ᠪᠠᠭᠲᠠᠭᠠᠨ᠎ᠠ᠃ | 12 ᠰᠠᠷ᠎ᠠ ᠶᠢᠨ 11 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 30 ᠳ᠋ᠦᠩᠰᠢᠭᠤᠷ ᠲᠥᠭᠦᠷᠢᠭ ᠤᠨ | ᠰᠢᠨ᠎ᠡ ᠡᠨᠧᠷᠭᠢ ᠶᠢᠨ ᠲᠣᠭᠠᠴᠢᠯᠠᠭᠰᠠᠨ ᠡᠬᠡ ᠬᠠᠭᠤᠷᠠᠢ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠲᠠᠪᠴᠠᠩ ᠤᠨ | ᠲᠦᠷᠦᠯ ᠵᠦᠢᠯ ᠴᠢᠩᠱᠠᠨ ᠲᠣᠭᠤᠷᠢᠭ ᠲᠤ ᠭᠡᠷ᠎ᠡ ᠲᠣᠭᠲᠠᠨ ᠨᠠᠶᠢᠲᠠᠪᠦᠷᠢᠵᠢᠭᠤᠯᠪᠠ᠃ ᠲᠥᠷᠥᠯ ᠵᠦᠢᠯ ᠨᠢ ᠨᠡᠪᠴᠢᠭᠦᠯᠬᠦ | ᠰᠢᠨ᠎ᠡ ᠡᠨᠧᠷᠭᠢ ᠶᠢᠨ ᠲᠣᠭᠠᠴᠢᠯᠠᠭᠰᠠᠨ ᠡᠬᠡ ᠬᠠᠭᠤᠷᠠᠶ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠲᠠᠪᠴᠠᠩ ᠢ | ᠪᠠᠶᠢᠭᠤᠯᠵᠤ᠂ ᠰᠢᠨ᠎ᠡ ᠡᠨᠧᠷᠭᠢ ᠶᠢᠨ ᠲᠡᠭᠡᠭᠡᠪᠦᠷᠢ ᠶᠢᠨ ︽ᠰᠠᠯᠬᠢ᠂ ᠭᠡᠷᠡᠯ᠂ ᠤᠰᠤᠲᠥ᠋ᠷᠥᠭᠴᠢ᠂ ᠨᠥᠭᠡᠴᠡ᠂ ᠲᠡᠷᠭᠡ︾ ᠶᠢ | ᠨᠢᠭᠡ ᠴᠤᠭᠴᠠᠵᠢᠭᠤᠯᠤᠭᠰᠠᠨ ᠲᠥᠷᠥᠯ ᠵᠦᠢᠯ ᠤᠨ ᠲᠣᠭᠤᠷᠢᠨ ᠳᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ | ᠵᠢᠴᠢ ᠪᠠᠷᠠᠭᠤᠨ ᠬᠤᠶᠢᠲᠤ ᠶᠢᠨ ᠶᠡᠭᠡ ᠬᠡᠮᠵᠢᠶᠡᠨ ᠤ ᠨᠡᠭᠦᠷᠡᠰᠦᠨ ᠤ ᠠᠷᠠᠯᠵᠢᠶᠠᠨ ᠤ ᠲᠡᠭᠡᠭᠡᠪᠦᠷᠢ ᠶᠢᠨ ᠲᠤᠬᠠᠶᠢᠯᠠᠭᠰᠠᠨ | ᠠᠵᠢᠯ ᠢ ᠥᠷᠨᠢᠭᠦᠯᠦᠨ᠎ᠡ᠃ ᠪᠤᠭᠤᠲᠤ ᠵᠢᠴᠢ ᠡᠷᠬᠢᠨ ᠲᠣᠭᠤᠷᠢᠨ ᠳᠤ 3 ᠬᠠᠭᠤᠷᠠᠶ ᠭᠠᠷᠠᠮ ᠤᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠢ ᠪᠠᠯᠠ ᠣᠷᠣᠭᠤᠯᠤᠨ ᠪᠠᠶᠢᠭᠤᠯᠵᠤ᠂ 1000 ᠰᠠᠭᠤᠷᠢ ᠰᠢᠨ᠎ᠡ ᠡᠨᠧᠷᠭᠢ ᠶᠢᠨ | ᠲᠡᠷᠭᠡ ᠬᠥᠰᠬᠡ ᠶᠢ ᠳᠡᠯᠭᠡᠷᠡᠭᠦᠯᠦᠨ ᠬᠡᠷᠡᠭᠯᠡᠵᠦ᠂ ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭᠠᠨ ᠴᠡᠨᠡᠭᠯᠡᠬᠦ ᠥᠷᠲᠡᠭᠡ᠂ | ᠬᠠᠭᠤᠷᠠᠶ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢ | ᠪᠥᠲᠥᠭᠡᠨ ᠪᠠᠶᠢᠭᠤᠯᠵᠤ᠂ ᠪᠤᠭᠤᠲᠤ ᠪᠠᠷ ᠭᠤᠤᠯ ᠪᠣᠯᠭᠠᠭᠰᠠᠨ ᠰᠢᠨ᠎ᠡ ᠡᠨᠧᠷᠭᠢ ᠶᠢᠨ ᠨᠥᠬᠦᠪᠥᠷᠢᠯᠡᠬᠦ ᠲᠣᠤᠷ | ᠰᠦᠯᠵᠢᠶ᠎ᠡ ᠶᠢ ᠪᠣᠶ ᠪᠣᠯᠭᠠᠨ᠎ᠠ᠃ | 12 ᠰᠠᠷ᠎ᠠ ᠶᠢᠨ 15 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 20 ᠳ᠋ᠦᠩᠰᠢᠭᠤᠷ | ᠲᠥᠭᠦᠷᠢᠭ ᠲᠤ ᠬᠦᠷᠦᠭᠰᠡᠨ ᠭᠦᠸᠧ ᠰᠢᠤᠸᠠᠨ ᠰᠢᠨ᠎ᠡ ᠡᠨᠧᠷᠭᠢ ᠶᠢᠨ ᠳ᠋ᠢᠶᠠᠨ ᡂᠢ ᠶᠢᠨ ᠣᠶᠤᠨᠴᠢ ᠦᠢᠯᠡᠳᠬᠦ | ᠰᠠᠭᠤᠷᠢᠨ ᠭᠠᠵᠠᠷ ᠤᠨ ᠲᠦᠷᠦᠯ ᠵᠦᠢᠯ ᠵᠢᠩᠬᠢᠨᠢ ᠪᠠᠷ ᠠᠵᠢᠯ ᠡᠬᠢᠯᠡᠪᠡ᠃ ᠲᠦᠷᠦᠯ ᠵᠦᠢᠯ ᠳᠤ 500 ᠭᠠᠷᠤᠢ ᠮᠦ | ᠭᠠᠵᠠᠷ ᠬᠡᠷᠡᠭᠯᠡᠬᠦ ᠶᠢ ᠲᠥᠯᠥᠪᠵᠢᠭᠦᠯᠵᠦ᠂ ᠨᠢᠭᠡᠳᠦᠭᠡᠷ ᠬᠤᠭᠤᠴᠠᠭᠠᠨ ᠳᠤ 10GWh ᠳ᠋ᠢᠶᠠᠨ ᡂᠢ ᠴᠠᠬᠢᠯᠭᠠᠨ | ᠭᠤᠣᠯ ᠦᠢᠯᠡᠳᠪᠦᠷᠢᠯᠡᠬᠦ ᠱᠤᠭᠤᠮ ᠵᠢᠴᠢ ᠢᠵᠢ ᠪᠦᠷᠢᠳᠦᠭᠦᠯᠬᠦ PACK ᠦᠢᠯᠡᠳᠪᠦᠷᠢᠯᠡᠯ ᠤᠨ ᠱᠤᠭᠤᠮ ᠢ | ᠪᠠᠶᠢᠭᠤᠯᠵᠤ᠂ ᠴᠠᠬᠢᠯᠭᠠᠨ ᠴᠡᠨᠡᠭᠯᠡᠬᠦ ᠦᠷᠳᠡᠭᠡ ᠶᠢᠨ ᠪᠦᠳᠦᠭᠡᠨ ᠪᠠᠶᠢᠭᠤᠯᠤᠯᠲᠠ᠂ ᠪᠠᠷᠠᠭᠠᠨ ᠤ ᠭᠦᠢᠯᠭᠡᠭᠡᠨ ᠤ | ᠲᠤᠬᠢᠷᠠᠭᠤᠯᠤᠨ ᠬᠦᠷᠭᠡᠬᠦ ᠲᠠᠪᠴᠠᠩ ᠢ ᠪᠠᠶᠢᠭᠤᠯᠬᠤ ᠵᠡᠷᠭᠡ ᠤᠯᠠᠨ ᠵᠦᠢᠯ ᠤᠨ ᠢᠵᠢ ᠪᠦᠷᠢᠳᠦᠭᠦᠯᠬᠦ ᠲᠦᠷᠦᠯ | ᠵᠦᠢᠯ ᠢ ᠵᠡᠷᠭᠡᠪᠡᠷ ᠠᠬᠢᠭᠤᠯᠬᠤ ᠪᠣᠯᠤᠨ᠎ᠠ᠃ | 12 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠥᠭᠡᠷᠡᠴᠢᠯᠡᠯᠲᠡ ᠶᠢᠨ ᠰᠦᠯᠵᠢᠶ᠎ᠡ ᠳᠤᠮᠳᠠᠳᠤ | ᠤᠯᠤᠰ ᠤᠨ ᠥᠭᠡᠷᠡᠴᠢᠯᠡᠯᠲᠡ ᠶᠢᠨ 2024 ᠣᠨ ᠤ ᠣᠷᠣᠨ ᠨᠤᠲᠤᠭ ᠤᠨ ᠬᠢᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ᠂ ᠳᠤᠮᠳᠠᠳᠤ ᠤᠯᠤᠰ ᠤᠨ | ᠥᠭᠡᠷᠡᠴᠢᠯᠡᠯᠲᠡ ᠶᠢᠨ 2024 ᠣᠨ ᠤ ᠣᠨᠴᠠᠭᠠᠶ ᠬᠡᠷᠡᠭ ᠤᠨ ᠵᠢᠱᠢᠶ᠎ᠡ᠂ ᠣᠨ ᠤ ᠬᠤᠲᠠ ᠶᠢᠨ ᠬᠡᠪᠴᠢᠶᠡᠨ ᠤ | ᠬᠡᠷᠡᠭ ᠤᠨ ᠵᠢᠱᠢᠶ᠎ᠡ᠂ ᠣᠨ ᠤ ᠰᠢᠶᠠᠨ ᠤ ᠬᠡᠪᠴᠢᠶᠡᠨ ᠤ ᠬᠡᠷᠡᠭ ᠤᠨ ᠵᠢᠱᠢᠶ᠎ᠡ᠂ ᠣᠨ ᠤ ᠠᠵᠤ ᠠᠬᠤᠶᠢᠯᠠᠯ ᠤᠨ | ᠥᠭᠡᠷᠡᠴᠢᠯᠡᠯᠲᠡ ᠬᠢᠭᠡᠳ ᠬᠥᠭᠵᠢᠯᠲᠡ ᠶᠢᠨ ᠭᠤᠤᠯᠳᠠᠯᠭ᠎ᠠ ᠲᠠᠢ ᠰᠤᠳᠤᠯᠭᠠᠨ ᠤ ᠬᠡᠷᠡᠭ ᠤᠨ ᠵᠢᠱᠢᠶ᠎ᠡ ᠶᠢᠨ ᠨᠡᠷᠡᠰ ᠢ | ᠨᠡᠶᠢᠲᠡᠯᠡᠪᠡ᠃ ᠴᠢᠩᠱᠠᠨ ᠲᠣᠭᠤᠷᠢᠭ ᠤᠨ ︽ᠰᠤᠯᠠ ᠲᠠᠯᠪᠢᠭᠳᠠᠵᠤ ᠦᠷ᠎ᠡ ᠠᠰᠢᠭ ᠢᠶᠠᠷ ᠳᠣᠣᠷ᠎ᠠ ᠭᠠᠵᠠᠷ ᠢ ᠨᠡᠭᠡᠭᠡᠨ | ᠠᠰᠢᠭᠯᠠᠵᠤ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠨᠡᠶᠢᠲᠡᠯᠢᠭ ᠬᠡᠷᠡᠭ ᠤᠨ | ᠵᠢᠱᠢᠶ᠎ᠡ ᠳᠤ ᠰᠣᠩᠭᠤᠭᠳᠠᠨ ᠣᠷᠣᠪᠠ᠃ | 12 ᠰᠠᠷ᠎ᠠ ᠶᠢᠨ 19 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠺᠧ | ᠳ᠋ᠠ ᠰᠢᠶᠦ᠋ᠨ ᠹᠸᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ | ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ︽ᠳᠠᠪᠠᠭᠤᠯᠢᠭ ᠲᠠᠯ᠎ᠠ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠵᠤ | ᠬᠠᠮᠲᠤ ᠪᠠᠷ ᠠᠰᠢᠭ ᠭᠥᠷᠳᠡᠬᠦ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠪᠠ ᠬᠡᠷᠡᠭᠯᠡᠯᠲᠡ ᠶᠢ ᠤᠶᠠᠯᠳᠤᠭᠤᠯᠬᠤ︾ ᠵᠠᠷᠴᠢᠮ ᠢ ᠪᠠᠷᠢᠮᠲᠠᠯᠠᠨ᠂ ᠰᠤᠷᠭᠠᠨ ᠬᠥᠮᠦᠵᠢᠯ᠂ ᠡᠮ | ᠡᠮᠨᠡᠯᠭᠡ᠂ ᠲᠣᠭᠠᠴᠢᠯᠠᠭᠰᠠᠨ ᠵᠠᠰᠠᠭ ᠤᠨ ᠣᠷᠳᠣᠨ ᠤ ᠬᠥᠭᠵᠢᠯᠲᠡ ᠶᠢ ᠲᠦᠷᠭᠡᠳᠬᠡᠵᠦ᠂ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠦᠷᠢᠯᠳᠦᠭᠦᠯᠦᠨ᠎ᠡ᠃ | 12 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠢ ᠶᠦᠨ ᠰᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 | ᠣᠨ ᠤ 21 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠴᠢᠩᠱᠠᠨ ᠲᠣᠭᠤᠷᠢᠭ ᠤᠨ | 2024 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠴᠢᠩᠱᠠᠨ ᠲᠣᠭᠤᠷᠢᠭ ᠤᠨ ᠠᠳᠠᠯ ᠠᠬᠤᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ | 12 ᠰᠠᠷ᠎ᠠ ᠶᠢᠨ 24 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠲᠤ | ᠬᠦᠷᠦᠭᠰᠡᠨ ᠥᠪᠥᠷ ᠮᠣᠩᠭᠤᠯ ᠤᠨ ᠾᠦᠢ ᠲᠠᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠤᠶᠤᠨᠲᠤ ᠭᠡᠷᠡᠯ | ᠴᠡᠨᠡᠭ ᠤᠨ ᠲᠤᠯᠭᠠᠭᠤᠷᠢ ᠵᠢᠴᠢ ᠡᠨᠧᠷᠭᠢ ᠬᠠᠳᠠᠭᠠᠯᠠᠬᠤ PACK ᠬᠠᠶᠢᠷᠴᠠᠭ ᠤᠨ ᠦᠢᠯᠡᠳᠪᠦᠷᠢᠯᠡᠯ ᠤᠨ ᠲᠦᠷᠦᠯ | ᠵᠦᠢᠯ ᠴᠢᠩᠱᠠᠨ ᠲᠣᠭᠤᠷᠢᠭ ᠲᠤ ᠭᠡᠷ᠎ᠡ ᠲᠣᠭᠲᠠᠨ ᠨᠠᠶᠢᠳᠠᠪᠤᠷᠢᠵᠢᠭᠳᠠᠪᠠ᠃ ᠲᠥᠷᠥᠯ ᠵᠦᠢᠯ ᠤᠨ ᠶᠡᠷᠦᠩᠬᠡᠶ | ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 25 ᠮᠥ ᠪᠠᠶᠢᠵᠤ᠂ ᠪᠥᠲᠥᠭᠡᠨ ᠪᠠᠶᠢᠭᠤᠯᠤᠯᠲᠠ ᠶᠢᠨ | ᠠᠭᠤᠯᠭ᠎ᠠ ᠨᠢ ᠬᠡᠷᠡᠯ ᠴᠡᠨᠡᠭ ᠤᠨ ᠲᠤᠯᠭᠠᠭᠤᠷᠢ ᠶᠢ ᠪᠦᠷᠢᠨ ᠠᠦ᠋ᠲ᠋ᠣ᠋ ᠲᠥᠬᠦᠭᠡᠷᠦᠮᠵᠢ ᠶᠢᠨ ᠱᠤᠭᠤᠮ 6 ᠵᠤᠷᠪᠤᠰ ᠢ | ᠪᠠᠭᠲᠠᠭᠠᠵᠤ᠂ ᠪᠤᠭᠤᠲᠤ ᠬᠤᠲᠠ ᠶᠢᠨ ᠬᠡᠷᠡᠯ ᠴᠡᠨᠡᠭ ᠤᠨ ᠲᠤᠯᠬᠤ ᠵᠢᠶᠠᠰᠠ ᠶᠢᠨ ᠠᠵᠢᠯ ᠲᠥᠷᠥᠯ ᠤᠨ ᠠᠩᠬᠠᠳᠠᠭᠴᠢ | ᠡᠮᠦᠨ᠎ᠡ ᠨᠦᠬᠡ ᠶᠢᠨ ᠲᠥᠬᠦᠭᠡᠷᠦᠮᠵᠢ ᠶᠢ ᠬᠡᠷᠡᠭᠯᠡᠨ ᠦᠢᠯᠡᠳᠪᠦᠷᠢᠯᠡᠬᠦ ᠱᠤᠭᠤᠮ ᠪᠣᠯᠤᠨ᠎ᠠ᠂ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ ᠵᠢᠯ ᠳᠤ ᠡᠯ᠎ᠡ ᠲᠥᠷᠥᠯ ᠤᠨ ᠬᠡᠷᠡᠯ ᠴᠡᠨᠡᠭ ᠤᠨ ᠲᠤᠯᠭᠠᠭᠤᠷᠢ ᠶᠢ 25 ᠲᠦᠮᠡᠨ ᠲᠣᠨ | ︵8GW︶ ᠦᠢᠯᠡᠳᠪᠦᠷᠢᠯᠡᠵᠦ ᠪᠣᠯᠤᠨ᠎ᠠ︔ ᠡᠨᠧᠷᠭᠢ ᠬᠠᠳᠠᠭᠠᠯᠠᠬᠤ PACK ᠬᠠᠶᠢᠷᠴᠠᠭ ᠤᠨ ᠪᠥᠬᠦ ᠤᠶᠤᠨᠲᠤ | ᠲᠥᠬᠦᠭᠡᠷᠦᠮᠵᠢ ᠦᠢᠯᠡᠳᠪᠦᠷᠢᠯᠡᠬᠦ ᠱᠤᠭᠤᠮ 2 ᠵᠤᠷᠪᠤᠰ᠂ ᠦᠢᠯᠡᠳᠪᠦᠷᠢᠯᠡᠭᠰᠡᠨ ᠳ᠋ᠢᠶᠠᠨ ᠤᠤᠢ PACK | ᠬᠠᠶᠢᠷᠴᠠᠭ ᠤᠨ ᠢᠳᠡᠭᠳᠡᠯ ᠳᠤ ᠳᠠᠭᠠᠭᠠᠮᠠᠭᠠᠢ ᠴᠢᠨᠠᠷ ᠪᠠ ᠢᠯᠴᠢ ᠬᠥᠨᠳᠡᠶᠢᠷᠡᠭᠦᠯᠬᠦ ᠴᠢᠨᠠᠷ ᠨᠠᠩ ᠰᠠᠶᠢᠨ ᠪᠠᠶᠢᠵᠤ᠂ | ᠵᠢᠯ ᠳᠤ PACK ᠬᠠᠶᠢᠷᠴᠠᠭ 3.6GW ᠶᠢ ᠦᠢᠯᠡᠳᠪᠦᠷᠢᠯᠡᠵᠦ ᠪᠣᠯᠤᠨ᠎ᠠ᠃ | 12 ᠰᠠᠷ᠎ᠠ ᠶᠢᠨ 27 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1.5 ᠳ᠋ᠦᠩᠰᠢᠭᠤᠷ | ᠲᠥᠭᠦᠷᠢᠭ ᠤᠨ ᠪᠤᠭᠤᠲᠤ ᠶᠢᠨ ᠵᠣᠯ ᠵᠢᠷᠭᠠᠯᠲᠤ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶᠠᠨ ᠤ ᠲᠦᠷᠦᠯ ᠵᠦᠢᠯ | ᠴᠢᠩᠱᠠᠨ ᠲᠣᠭᠤᠷᠢᠭ ᠲᠤ ᠭᠡᠷ᠎ᠡ ᠲᠣᠭᠲᠠᠨ ᠨᠠᠶᠢᠳᠠᠪᠤᠷᠢᠵᠢᠭᠳᠠᠪᠠ᠃ ᠲᠥᠷᠥᠯ ᠵᠦᠢᠯ ᠤᠨ ᠶᠡᠷᠦᠩᠬᠡᠶ | ᠲᠥᠯᠥᠪᠵᠢᠭᠦᠯᠭᠡ ᠶᠢᠨ ᠲᠠᠯᠠᠪᠠᠶ ᠨᠢ 6000 ᠲᠡᠭᠰᠢ ᠳᠥᠷᠪᠡᠯᠵᠢᠨ ᠮᠧᠲᠷ ᠪᠠᠶᠢᠵᠤ᠂ ᠨᠢᠭᠡᠳᠦᠭᠡᠷ ᠬᠤᠭᠤᠴᠠᠭᠠᠨ ᠳᠤ | ᠪᠠᠷᠤᠭ 5000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ | ᠬᠤᠶᠠᠳᠤᠭᠠᠷ ᠳᠡᠰ ᠤᠨ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ ᠬᠢᠷᠢ ᠬᠡᠮ ᠢ ᠭᠤᠶᠤᠴᠢᠯᠠᠨ᠎ᠠ︔ | ᠬᠤᠶᠠᠳᠤᠭᠠᠷ ᠬᠤᠭᠤᠴᠠᠭᠠᠨ ᠳᠤ ᠪᠠᠷᠤᠭ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠨᠢᠭᠡᠳᠦᠭᠡᠷ | ᠬᠤᠭᠤᠴᠠᠭᠠᠨ ᠳᠤ ᠳᠦᠭᠦᠷᠦᠭᠰᠡᠨ ᠤ ᠳᠠᠷᠠᠭ᠎ᠠ ᠪᠡᠯᠡ ᠣᠷᠣᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ ᠭᠤᠷᠪᠠᠳᠤᠭᠠᠷ | ᠳᠡᠰ ᠤᠨ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶᠠᠨ ᠤ ᠬᠢᠷᠢ ᠬᠡᠮ ᠢ ᠭᠤᠶᠤᠴᠢᠯᠠᠨ᠎ᠠ᠃ | 12 ᠰᠠᠷ᠎ᠠ ᠶᠢᠨ 30 ᠤ ᠡᠳᠦᠷ᠂ ᠲᠦᠩ ᠵᠢᠶ ᠶᠡᠭᠡ ᠰᠤᠷᠭᠠᠭᠤᠯᠢ ᠶᠢᠨ ᠮᠡᠷᠭᠡᠵᠢᠯ ᠢ ᠰᠢᠯᠵᠢᠭᠦᠯᠬᠦ | ᠪᠤᠭᠤᠲᠤ ᠶᠢᠨ ᠲᠥᠪ ᠴᠢᠩᠱᠠᠨ ᠲᠣᠭᠤᠷᠢᠭ ᠲᠤ ᠨᠤᠲᠤᠭᠰᠢᠪᠠ᠃ ᠭᠤᠣᠯ ᠨᠢ ᠲᠦᠩ ᠵᠢᠢ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠤᠭᠤᠲᠤ ᠬᠤᠳᠠ ᠲᠡᠶᠢᠰᠢ ᠰᠢᠯᠵᠢᠭᠦᠯᠦᠨ ᠬᠤᠪᠢᠷᠠᠭᠤᠯᠬᠤ | ᠬᠥᠭᠦᠷᠭᠡ ᠪᠠ ᠴᠤᠩᠬᠤᠪᠴᠢ ᠪᠣᠯᠤᠨ᠎ᠠ᠂ ᠪᠤᠭᠤᠲᠤ ᠬᠤᠳᠠ ᠳᠤ ᠡᠯ᠎ᠡ ᠵᠦᠢᠯ ᠤᠨ ᠬᠡᠯᠪᠡᠷᠢ ᠶᠢᠨ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ᠂ ᠵᠣᠯᠭᠠᠭᠤᠯᠬᠤ ᠦᠢᠯᠡᠴᠢᠯᠡᠭᠡ | ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ᠂ ᠭᠠᠵᠠᠷ ᠣᠷᠣᠨ ᠤ | ᠳᠡᠭᠡᠳᠦ ᠲᠡᠰ ᠤᠨ ᠡᠯᠧᠮᠧᠨ᠋ᠲ ᠢ ᠲᠥᠪᠯᠡᠷᠡᠭᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | 12 ᠰᠠᠷ᠎ᠠ ᠶᠢᠨ 31 ᠤ ᠡᠳᠦᠷ᠂ ᠶᠡᠷᠦᠩᠬᠡᠶ ᠪᠠᠯᠠ ᠣᠷᠣᠭᠤᠯᠤᠯᠲᠠ ᠨᠢ 8.5 ᠳ᠋ᠦᠩᠰᠢᠭᠤᠷ ᠲᠥᠭᠦᠷᠢᠭ ᠤᠨ | ᠪᠤᠭᠤᠲᠤ ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠰᠢᠢᠳᠪᠦᠷᠢᠯᠡᠵᠦ ᠬᠠᠩᠭᠠᠬᠤ ᠲᠥᠪ ᠤᠨ ᠲᠥᠷᠥᠯ ᠵᠦᠢᠯ ᠢ | ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠲᠥᠷᠥᠯ ᠵᠦᠢᠯ ᠨᠢ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ 160.62 | ᠮᠥ ᠲᠠᠯᠠᠪᠠᠶ ᠭᠠᠵᠠᠷ ᠢ ᠡᠵᠡᠯᠡᠵᠦ᠂ ᠬᠡᠪᠴᠢᠶ᠎ᠡ ᠨᠢ ᠡᠳᠦᠷ ᠲᠤ 3.5 ᠲᠦᠮᠡᠨ ᠪᠣᠰᠤᠭ᠎ᠠ ᠳᠥᠷᠪᠡᠯᠵᠢᠨ ᠮᠧᠲᠷ ᠳᠤᠤᠷ᠎ᠠ | ᠳᠠᠪᠤᠰᠤᠨ ᠤ ᠪᠣᠬᠢᠷ ᠤᠰᠤ ᠶᠢ ᠰᠢᠢᠳᠪᠦᠷᠢᠯᠡᠵᠦ᠂ 3 ᠲᠦᠮᠡᠨ ᠪᠣᠰᠤᠭ᠎ᠠ ᠳᠥᠷᠪᠡᠯᠵᠢᠨ ᠮᠧᠲᠷ ᠳᠠᠪᠤᠰᠤ ᠶᠡᠬᠡᠲᠡᠶ | ᠪᠣᠬᠢᠷ ᠤᠰᠤ ᠵᠢᠴᠢ ᠡᠳᠦᠷ ᠤᠨ ᠦᠢᠯᠡᠳᠪᠦᠷᠢᠯᠡᠭᠰᠡᠨ ᠴᠢᠨᠠᠷ ᠰᠠᠶᠢᠲᠠᠶ ᠳᠠᠬᠢᠯᠲᠠ ᠤᠰᠤ 9 ᠲᠦᠮᠡᠨ ᠪᠣᠰᠤᠭ᠎ᠠ | ᠳᠥᠷᠪᠡᠯᠵᠢᠨ ᠮᠧᠲᠷ ᠪᠠᠶᠢᠵᠤ᠂ ᠵᠢᠩ ᠤᠣ᠂ ᠬᠤᠩ ᠶᠤᠸᠠᠨ ᠠᠵᠤ ᠠᠬᠤᠶᠢᠯᠠᠯ ᠲᠠᠢ ᠨᠢᠭᠡᠨᠲᠡ ᠤᠰᠤ ᠲᠠᠲᠠᠷᠠᠭᠤᠯᠬᠤ | ᠬᠡᠯᠡᠯᠴᠡᠭᠡᠷ ᠲᠣᠭᠲᠠᠪᠠ᠃ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠢᠨᠵᠧᠨᠧᠷᠢᠩ ᠪᠣᠯᠤᠭᠰᠠᠨ ᠤ | ᠬᠤᠪᠢ ᠳᠤ᠂ ᠪᠤᠭᠤᠲᠤ ᠬᠤᠲᠠ ᠶᠢᠨ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠡᠬᠢ | ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠬᠢᠷᠲᠤᠯ ᠥᠬᠡᠶ ᠦᠷᠭᠦᠯᠵᠢᠯᠡᠬᠦ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | | | | |