ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠴᠢᠩᠱᠠᠨ ᠲᠣᠭᠤᠷᠢᠭ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/6
      ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ  2025 ᠣᠨ ᠤ 1 ᠰᠠᠷ᠎ᠠ ᠶᠢᠨ 3᠎ ᠤ ᠡᠳᠦᠷ ᠬᠤᠷᠠᠯᠳᠤᠭᠤᠯᠪᠠ᠃      ᠲᠤᠰ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 27 ᠬᠥᠮᠦᠨ ᠣᠷᠣᠯᠴᠠᠪᠠ᠃ ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠲᠤᠭᠤᠷᠢᠭ ᠲᠤ ᠰᠠᠭᠤᠭ᠎ᠠ ᠠᠵᠤ ᠠᠬᠤᠶᠢᠯᠠᠯ ᠪᠣᠯᠤᠨ ᠬᠡᠰᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠲᠣᠭᠤᠷᠢᠭ ᠤᠨ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠪᠣᠯᠤᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃      ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠲᠣᠰ ᠲᠣᠰ ᠶᠠᠷᠢᠶ᠎ᠠ ᠲᠠᠯᠪᠢᠪᠠ᠃      ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃      ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠥᠩᠭᠡᠷᠡᠭᠰᠡᠨ ᠨᠢᠭᠡ ᠵᠢᠯ ᠳᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠤᠯ ᠱᠤᠭᠤᠮ ᠢ ᠨᠠᠩ ᠪᠠᠲᠤ ᠴᠢᠩᠭ᠎ᠠ ᠤᠬᠠᠮᠰᠠᠷ ᠲᠠᠢ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠨᠠᠩ ᠬᠦᠴᠦᠲᠡᠶ ᠪᠦᠲᠦᠮᠵᠢᠲᠡᠶ ᠠᠬᠢᠭᠤᠯᠵᠤ᠂ ᠠᠵᠤ ᠠᠬᠤᠶ ᠶᠢᠨ ᠲᠣᠭᠲᠠᠭᠤᠨ ᠰᠠᠭᠤᠷᠢ ᠶᠢ ᠨᠠᠩ ᠪᠠᠲᠤ ᠪᠠᠬᠢ ᠪᠣᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ  ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶ ᠪᠣᠯᠭᠠᠵᠤ᠂ ᠣᠯᠠᠨ ᠲᠦᠮᠡᠨ ᠪᠣᠯᠤᠨ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠨᠠᠩ ᠭᠦᠢᠴᠡᠳ ᠪᠠᠳᠠᠷᠠᠭᠤᠯᠵᠤ᠂ ︽ᠴᠤᠴᠠᠯᠲᠠ ᠥᠬᠡᠶ ᠰᠡᠳᠬᠢᠬᠦᠢ︾᠎ ᠪᠠᠷ ᠲᠦᠭᠵᠢᠷᠡᠯ ᠢ ᠪᠦᠲᠦᠮᠵᠢᠲᠡᠶ ᠨᠡᠪᠲᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠬᠤᠲᠠ ᠶᠢᠨ ᠲᠣᠭᠤᠷᠢᠭ ᠤᠨ ᠴᠢᠳᠠᠮᠵᠢ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠦᠢᠯᠡᠰ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠪᠠ ᠭᠡᠵᠦ ᠦᠵᠡᠵᠡᠢ᠃      ᠪᠥᠬᠦᠳᠡ ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠴᠦᠰ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠤᠭᠤᠴᠠᠭ᠎ᠠ ᠶᠢ ᠲᠥᠰᠦᠪᠯᠡᠬᠦ ᠵᠢᠯ ᠪᠣᠯᠤᠨ᠎ᠠ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ ᠪᠥᠬᠦ ᠲᠤᠭᠤᠷᠢᠭ ᠤᠨ ᠳᠡᠭᠡᠳᠦ ᠳᠤᠤᠷᠠᠳᠤ ᠱᠠᠲᠤ ᠪᠠᠷ ᠢᠶᠠᠨ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠳᠤ ᠵᠥᠪ ᠢᠶᠠᠷ ᠬᠠᠨᠳᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠭᠠᠳᠠᠭᠠᠳᠤ ᠳᠠᠷᠤᠯᠲᠠ ᠪᠠ ᠥᠷᠢᠰᠥᠯᠳᠦᠭᠡᠨ ᠢ ᠠᠷᠭᠠᠴᠠᠭᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠥᠷᠥᠯ ᠵᠦᠢᠯ ᠢ ᠨᠠᠷᠢᠯᠢᠭ ᠤᠨᠤᠪᠴᠢᠲᠠᠢ ᠤᠬᠠᠭᠠᠯᠠᠨ ᠲᠥᠯᠥᠪᠯᠡᠵᠦ᠂ ᠪᠠᠯᠠ ᠣᠷᠣᠭᠤᠯᠤᠯᠲᠠ ᠶᠢ ᠪᠦᠲᠦᠮᠵᠢᠲᠡᠶ ᠥᠷᠭᠡᠳᠬᠡᠨ᠂ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠨ ᠭᠠᠷᠭᠠᠭᠰᠠᠨ ᠪᠠᠶᠢᠨ᠎ᠠ᠃      ᠪᠦᠬᠦᠳᠡ ᠬᠤᠷᠠᠯ ᠠᠴᠠ᠂ ᠡᠨᠡ ᠵᠢᠯ ᠤᠨ ᠪᠦᠬᠦ  ᠲᠤᠭᠤᠷᠢᠭ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ︽ᠲᠤᠯᠤᠭᠠᠨ ᠰᠢᠨ᠎ᠡ ᠴᠢᠩᠱᠠᠨ︾᠎ ᠎ ᠤ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠠᠲᠤᠲᠠᠢ ᠲᠣᠭᠲᠠᠭᠠᠵᠤ᠂ ︽ᠰᠢᠢᠳᠪᠦᠷᠢᠯᠡᠬᠦ ᠰᠡᠳᠬᠢᠬᠦᠢ ᠲᠠᠢ︾᠎ ᠪᠠᠷ ᠰᠡᠳᠦᠪ ᠢ ᠰᠢᠢᠳᠪᠦᠷᠢᠯᠡᠬᠦ ᠰᠡᠳᠬᠢᠬᠦᠢ ᠶᠢᠨ ᠠᠷᠭ᠎ᠠ ᠬᠡᠯᠪᠡᠷᠢ ᠪᠣᠯᠤᠨ ᠠᠵᠢᠯ ᠤᠨ ᠠᠷᠭ᠎ᠠ ᠶᠢ ᠪᠠᠲᠤᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠦᠭᠵᠢᠷᠡᠯ ᠬᠦᠴᠢᠷ ᠠᠰᠠᠭᠤᠳᠠᠯ ᠢ ᠬᠦᠴᠦᠯᠡᠨ ᠨᠡᠪᠲᠡᠷᠡᠭᠦᠯᠵᠦ᠂ ᠠᠵᠤ ᠠᠬᠤᠢ ᠶᠢᠨ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠳᠣᠣᠷᠠᠬᠢ ᠳᠥᠷᠪᠡᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ  ᠬᠤᠳᠠᠯᠳᠤᠭᠠᠴᠢᠨ ᠤᠷᠢᠬᠤ ᠶᠢ ᠠᠳᠬᠤᠵᠤ᠂ ︽ᠬᠤᠶᠠᠷ ᠰᠢᠨ᠎ᠡ︾᠎ ᠶᠢᠨ ᠤᠳᠤᠷᠢᠳᠤᠮᠵᠢ ᠶᠢ ᠲᠤᠪᠤᠶᠢᠯᠭᠠᠨ ᠲᠦᠷᠦᠯ ᠵᠦᠢᠯ ᠢ ᠠᠳᠬᠤᠵᠤ᠂ ᠡᠯᠧᠮᠧᠨ᠋ᠲ ᠤᠨ ᠪᠠᠲᠤᠯᠠᠭ᠎ᠠ ᠶᠢ ᠲᠤᠪᠤᠶᠢᠯᠭᠠᠨ ᠢᠵᠢ ᠪᠦᠷᠢᠳᠦᠭᠦᠯᠬᠦ ᠶᠢ ᠠᠳᠬᠤᠵᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ ᠲᠡᠮᠡᠴᠡᠨ ᠤᠯᠬᠤ ᠶᠢ ᠠᠳᠬᠤᠵᠤ᠂ ᠤᠨᠳᠤᠤᠰᠢᠭᠤᠯᠤᠨ ᠬᠡᠷᠡᠭᠯᠡᠬᠦ ᠶᠢ ᠲᠤᠪᠤᠶᠢᠯᠭᠠᠨ ᠰᠢᠨ᠎ᠡ ᠶᠢ ᠡᠭᠦᠳᠬᠦ ᠶᠢ ᠠᠳᠬᠤᠵᠤ᠂ ᠲᠠᠪᠤᠨ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ ᠬᠦᠴᠦᠯᠡᠨ ᠴᠣᠭᠴᠠᠯᠠᠵᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠵᠣᠯᠭᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠬᠦᠴᠦᠨ ᠢᠶᠠᠷ ᠢᠶᠠᠨ ᠪᠤᠶᠢᠵᠢᠭᠤᠯᠬᠤ ᠬᠡᠷᠡᠭᠲᠡᠢ᠃ ᠬᠤᠶᠠᠷ ᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠨᠡᠶᠢᠭᠡᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠤᠷᠭᠠᠨ ᠬᠥᠮᠦᠵᠢᠯ ᠤᠨ ᠥᠨᠳᠦᠷᠯᠢᠭ ᠤᠨ ᠪᠦᠳᠦᠭᠡᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠥᠨᠳᠦᠷᠯᠢᠭ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠣᠶᠣᠯ ᠤᠨ ᠥᠨᠳᠦᠷᠯᠢᠭ ᠤᠨ ᠪᠦᠳᠦᠭᠡᠨ ᠪᠠᠶᠢᠭᠤᠯᠤᠯᠲᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠢᠯᠡᠭᠦᠦ ᠬᠦᠷᠲᠡᠭᠡᠬᠦ ᠬᠡᠷᠡᠭᠲᠡᠢ᠃ ᠭᠤᠷᠪᠠ ᠳᠤ᠂ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠶᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠲᠦᠷᠪᠡ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠪᠥᠬᠦᠳᠡ ᠬᠤᠷᠠᠯ ᠠᠴᠠ᠂ ᠡᠨᠡ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠲᠣᠭᠲᠠᠭᠤᠨ︾ ᠪᠠᠶᠢᠬᠤ ᠬᠥᠭ ᠠᠶᠠᠰ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ ︽ᠰᠢᠨ᠎ᠡ︾ ᠵᠠᠮ ᠢᠶᠠᠷ ᠵᠠᠮᠨᠠᠵᠤ᠂ ᠬᠤᠷᠢᠭ᠎ᠠ ᠱᠤᠭᠤᠮ ᠢ ᠪᠠᠲᠤ ᠰᠠᠬᠢᠵᠤ ︽ᠪᠣᠳᠠᠲᠠᠢ︾ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠩᠬᠠᠷᠤᠯ ᠢᠶᠠᠨ ᠲᠥᠪᠯᠡᠷᠡᠭᠦᠯᠦᠨ ᠡᠷᠴᠢ ᠵᠣᠷᠢᠭ ᠢᠶᠠᠨ ᠬᠥᠪᠴᠢᠯᠡᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ︽ᠶᠠᠪᠤᠳᠠᠯ ᠪᠦᠬᠦᠨ ᠳᠤ ᠰᠡᠳᠬᠢᠯ ᠳᠣᠲᠣᠷ᠎ᠠ ᠪᠠᠨ ᠦᠨᠳᠦᠰᠦᠨ ᠵᠦᠢᠯ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠦᠨᠡᠨ ᠬᠦ ᠬᠤᠪᠢᠷᠠᠭᠤᠯᠵᠤ᠂ ᠡᠯ᠎ᠡ ᠵᠦᠢᠯ ᠤᠨ ᠠᠵᠢᠯ ᠤᠨ ᠲᠠᠬᠢᠨ ᠳᠡᠭᠲᠡᠷ ᠲᠤ ᠭᠠᠷᠬᠤ᠂ ᠲᠠᠬᠢᠨ ᠲᠠᠪᠰᠢᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ︽ᠤᠷᠢᠳᠠᠴᠢ ᠰᠢᠲᠠᠷ᠎ᠠ︾᠎ ᠶᠢ ᠰᠠᠶᠢᠲᠤᠷ ᠲᠠᠯᠪᠢᠵᠤ᠂ ᠪᠣᠳᠠᠲᠤ ᠴᠣᠭᠴᠠ ᠶᠢᠨ ᠠᠵᠤ ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠤᠣᠯᠯᠠᠭᠴᠢ ᠥᠷᠢᠰᠥᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠳᠣᠲᠣᠭᠠᠳᠤ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠦᠢᠯᠡᠴᠢᠯᠡᠭᠡᠨ ᠤ ᠲᠠᠯ᠎ᠠ ᠪᠠᠷ ᠪᠣᠭᠤᠮᠲᠠ ᠰᠢᠪᠲᠤᠯᠬᠤ ᠬᠡᠷᠡᠭᠲᠡᠢ᠃ ᠲᠡᠷᠢᠭᠦᠨ ᠤ ᠦᠢᠯᠡᠳᠬᠡᠯ ᠤᠨ ᠦᠢᠯᠡᠰ ᠬᠢᠭᠡᠳ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠶ ᠠᠭᠤᠰᠤᠯᠴᠠᠬᠤ ᠶᠢ ᠪᠠᠷᠢᠮᠲᠠᠯᠠᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠨ᠂ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠷᠡᠭᠯᠡᠭᠡ ᠪᠠ ᠪᠠᠯᠠ ᠣᠷᠣᠭᠤᠯᠤᠯᠲᠠ ᠶᠢ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠣᠶ ᠪᠣᠯᠭᠠᠨ᠎ᠠ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠲᠠᠯ᠎ᠠ ᠪᠠᠷ ᠪᠣᠭᠤᠮᠲᠠ ᠰᠢᠪᠲᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ︽ᠭᠤᠷᠪᠠᠨ ᠥᠨᠳᠦᠷᠯᠢᠭ︾᠎ ᠤᠨ ᠪᠥᠲᠥᠭᠡᠨ ᠪᠠᠶᠢᠭᠤᠯᠤᠯᠲᠠ ᠪᠠᠷ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠢᠶᠠᠷ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠪᠠᠷ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ᠬᠤᠲᠠ ᠶᠢ ᠨᠠᠩ ᠴᠢᠨᠠᠷ ᠴᠢᠨᠰᠠᠭ᠎ᠠ ᠲᠠᠢ᠂ ᠠᠷᠠᠳ ᠣᠯᠠᠨ ᠤ ᠠᠮᠢᠳᠤᠷᠠᠯ ᠢ ᠨᠠᠩ ᠵᠣᠯ ᠵᠢᠷᠭᠠᠯ ᠲᠠᠢ  ᠪᠤᠯᠭᠠᠨ᠎ᠠ ᠭᠡᠵᠦ ᠴᠢᠬᠤᠯᠠᠴᠢᠯᠠᠭᠰᠠᠨ ᠪᠠᠶᠢᠨ᠎ᠠ᠃      ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠷᠭᠡᠨ ᠤᠯᠠᠨ ᠺᠠᠳ᠋ᠷ᠂ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠭᠦᠢᠴᠡᠳ ᠡᠷᠴᠢ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠪᠦᠬᠦ ᠬᠤᠳᠠ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠲᠦᠷᠭᠡᠨ ᠵᠠᠮᠨᠠᠬᠤ ᠳᠤ ᠨᠡᠩ ᠶᠡᠭᠡ  ᠴᠢᠩᠱᠠᠨ ᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号