ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ | ᠠᠬᠤᠢ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 3 ᠤ ᠡᠳᠦᠷ ᠬᠤᠷᠠᠯᠳᠤᠭᠤᠯᠪᠠ᠃ | ᠲᠤᠰ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 27 ᠬᠥᠮᠦᠨ | ᠣᠷᠣᠯᠴᠠᠪᠠ᠃ ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠤᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ | ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠲᠤᠭᠤᠷᠢᠭ ᠲᠤ ᠰᠠᠭᠤᠭ᠎ᠠ ᠠᠵᠤ ᠠᠬᠤᠶᠢᠯᠠᠯ ᠪᠣᠯᠤᠨ ᠬᠡᠰᠡᠭ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠲᠣᠭᠤᠷᠢᠭ ᠤᠨ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠪᠣᠯᠤᠨ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃ | ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ | ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠶᠦᠨ ᠰᠢ ᠲᠣᠰ ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 | ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ | ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠥᠩᠭᠡᠷᠡᠭᠰᠡᠨ ᠨᠢᠭᠡ ᠵᠢᠯ ᠳᠤ᠂ ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ | ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠤᠯ | ᠱᠤᠭᠤᠮ ᠢ ᠨᠠᠩ ᠪᠠᠲᠤ ᠴᠢᠩᠭ᠎ᠠ ᠤᠬᠠᠮᠰᠠᠷ ᠲᠠᠢ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠨᠠᠩ ᠬᠦᠴᠦᠲᠡᠶ | ᠪᠦᠲᠦᠮᠵᠢᠲᠡᠶ ᠠᠬᠢᠭᠤᠯᠵᠤ᠂ ᠠᠵᠤ ᠠᠬᠤᠶ ᠶᠢᠨ ᠲᠣᠭᠲᠠᠭᠤᠨ ᠰᠠᠭᠤᠷᠢ ᠶᠢ ᠨᠠᠩ ᠪᠠᠲᠤ ᠪᠠᠬᠢ ᠪᠣᠯᠭᠠᠵᠤ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶ ᠪᠣᠯᠭᠠᠵᠤ᠂ ᠣᠯᠠᠨ ᠲᠦᠮᠡᠨ ᠪᠣᠯᠤᠨ ᠠᠵᠤ ᠠᠬᠤᠶᠢᠯᠠᠯ ᠤᠨ | ᠬᠦᠷᠲᠡᠮᠵᠢ ᠶᠢᠨ ᠲᠥᠷᠥᠭᠳᠡᠯ ᠢ ᠨᠠᠩ ᠭᠦᠢᠴᠡᠳ ᠪᠠᠳᠠᠷᠠᠭᠤᠯᠵᠤ᠂ ︽ᠴᠤᠴᠠᠯᠲᠠ ᠥᠬᠡᠶ ᠰᠡᠳᠬᠢᠬᠦᠢ︾ ᠪᠠᠷ | ᠲᠦᠭᠵᠢᠷᠡᠯ ᠢ ᠪᠦᠲᠦᠮᠵᠢᠲᠡᠶ ᠨᠡᠪᠲᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ | ᠬᠤᠲᠠ ᠶᠢᠨ ᠲᠣᠭᠤᠷᠢᠭ ᠤᠨ ᠴᠢᠳᠠᠮᠵᠢ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠢ | ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠦᠢᠯᠡᠰ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠪᠠ ᠭᠡᠵᠦ | ᠦᠵᠡᠵᠡᠢ᠃ | ᠪᠥᠬᠦᠳᠡ ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠡᠴᠦᠰ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ | ᠬᠤᠭᠤᠴᠠᠭ᠎ᠠ ᠶᠢ ᠲᠥᠰᠦᠪᠯᠡᠬᠦ ᠵᠢᠯ ᠪᠣᠯᠤᠨ᠎ᠠ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ | ᠶᠤᠮ᠃ ᠪᠥᠬᠦ ᠲᠤᠭᠤᠷᠢᠭ ᠤᠨ ᠳᠡᠭᠡᠳᠦ ᠳᠤᠤᠷᠠᠳᠤ ᠱᠠᠲᠤ ᠪᠠᠷ ᠢᠶᠠᠨ ᠣᠳᠣᠬᠠᠨ ᠳᠤ ᠲᠤᠯᠭᠠᠷᠠᠵᠤ ᠪᠠᠶᠢᠭ᠎ᠠ | ᠬᠦᠴᠢᠷᠳᠡᠯ ᠳᠤ ᠵᠥᠪ ᠢᠶᠠᠷ ᠬᠠᠨᠳᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠭᠠᠳᠠᠭᠠᠳᠤ | ᠳᠠᠷᠤᠯᠲᠠ ᠪᠠ ᠥᠷᠢᠰᠥᠯᠳᠦᠭᠡᠨ ᠢ ᠠᠷᠭᠠᠴᠠᠭᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠡᠯ᠎ᠡ ᠲᠥᠷᠥᠯ ᠤᠨ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠲᠥᠷᠥᠯ ᠵᠦᠢᠯ ᠢ ᠨᠠᠷᠢᠯᠢᠭ ᠤᠨᠤᠪᠴᠢᠲᠠᠢ ᠤᠬᠠᠭᠠᠯᠠᠨ ᠲᠥᠯᠥᠪᠯᠡᠵᠦ᠂ ᠪᠠᠯᠠ ᠣᠷᠣᠭᠤᠯᠤᠯᠲᠠ ᠶᠢ | ᠪᠦᠲᠦᠮᠵᠢᠲᠡᠶ ᠥᠷᠭᠡᠳᠬᠡᠨ᠂ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ | ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠡᠯ᠎ᠡ ᠵᠦᠢᠯ ᠤᠨ ᠬᠠᠷᠠᠯᠲᠠ | ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠬᠡᠷᠡᠭᠲᠡᠶ ᠭᠡᠵᠦ ᠵᠢᠭᠠᠨ ᠭᠠᠷᠭᠠᠭᠰᠠᠨ ᠪᠠᠶᠢᠨ᠎ᠠ᠃ | ᠪᠦᠬᠦᠳᠡ ᠬᠤᠷᠠᠯ ᠠᠴᠠ᠂ ᠡᠨᠡ ᠵᠢᠯ ᠤᠨ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠶᠡᠷᠦᠩᠬᠡᠢ | ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ | ᠰᠢᠳᠤᠷᠭᠤ ᠪᠠᠷ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ | ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠪᠠᠷ ᠬᠥᠲᠥᠯᠦᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ︽ᠲᠤᠯᠤᠭᠠᠨ ᠰᠢᠨ᠎ᠡ ᠴᠢᠩᠱᠠᠨ︾ ᠤ ᠪᠦᠳᠦᠭᠡᠨ | ᠪᠠᠶᠢᠭᠤᠯᠤᠯᠲᠠ ᠶᠢᠨ ᠬᠠᠷᠠᠯᠲᠠ ᠶᠢ ᠪᠠᠲᠤᠲᠠᠢ ᠲᠣᠭᠲᠠᠭᠠᠵᠤ᠂ ︽ᠰᠢᠢᠳᠪᠦᠷᠢᠯᠡᠬᠦ ᠰᠡᠳᠬᠢᠬᠦᠢ ᠲᠠᠢ︾ ᠪᠠᠷ ᠰᠡᠳᠦᠪ ᠢ | ᠰᠢᠢᠳᠪᠦᠷᠢᠯᠡᠬᠦ ᠰᠡᠳᠬᠢᠬᠦᠢ ᠶᠢᠨ ᠠᠷᠭ᠎ᠠ ᠬᠡᠯᠪᠡᠷᠢ ᠪᠣᠯᠤᠨ ᠠᠵᠢᠯ ᠤᠨ ᠠᠷᠭ᠎ᠠ ᠶᠢ ᠪᠠᠲᠤᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠲᠦᠭᠵᠢᠷᠡᠯ ᠬᠦᠴᠢᠷ ᠠᠰᠠᠭᠤᠳᠠᠯ ᠢ ᠬᠦᠴᠦᠯᠡᠨ ᠨᠡᠪᠲᠡᠷᠡᠭᠦᠯᠵᠦ᠂ ᠠᠵᠤ ᠠᠬᠤᠢ ᠶᠢᠨ | ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠳᠣᠣᠷᠠᠬᠢ ᠳᠥᠷᠪᠡᠨ | ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠢᠭᠡ ᠳᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠦᠷᠭᠦᠯᠵᠢᠯᠡᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠤᠨᠢᠨ ᠳᠡᠭᠡᠷ᠎ᠡ ᠨᠢ | ᠨᠠᠶᠢᠳᠠᠪᠤᠷᠢᠵᠢᠭᠤᠯᠵᠤ᠂ ᠳᠠᠪᠠᠭᠤᠯᠢᠭ ᠡᠬᠢ ᠪᠠᠶᠠᠯᠢᠭ ᠢ ᠨᠡᠶᠢᠳᠬᠡᠵᠦ ᠬᠤᠳᠠᠯᠳᠤᠭᠠᠴᠢᠨ ᠤᠷᠢᠬᠤ ᠶᠢ ᠠᠳᠬᠤᠵᠤ᠂ | ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠲᠤᠪᠤᠶᠢᠯᠭᠠᠨ ᠲᠦᠷᠦᠯ ᠵᠦᠢᠯ ᠢ ᠠᠳᠬᠤᠵᠤ᠂ ᠡᠯᠧᠮᠧᠨ᠋ᠲ ᠤᠨ | ᠪᠠᠲᠤᠯᠠᠭ᠎ᠠ ᠶᠢ ᠲᠤᠪᠤᠶᠢᠯᠭᠠᠨ ᠢᠵᠢ ᠪᠦᠷᠢᠳᠦᠭᠦᠯᠬᠦ ᠶᠢ ᠠᠳᠬᠤᠵᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ | ᠴᠢᠩᠭ᠎ᠠ ᠠᠩᠬᠠᠷᠴᠤ ᠲᠡᠮᠡᠴᠡᠨ ᠤᠯᠬᠤ ᠶᠢ ᠠᠳᠬᠤᠵᠤ᠂ ᠤᠨᠳᠤᠤᠰᠢᠭᠤᠯᠤᠨ ᠬᠡᠷᠡᠭᠯᠡᠬᠦ ᠶᠢ ᠲᠤᠪᠤᠶᠢᠯᠭᠠᠨ ᠰᠢᠨ᠎ᠡ ᠶᠢ | ᠡᠭᠦᠳᠬᠦ ᠶᠢ ᠠᠳᠬᠤᠵᠤ᠂ ᠲᠠᠪᠤᠨ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ ᠬᠦᠴᠦᠯᠡᠨ | ᠴᠣᠭᠴᠠᠯᠠᠵᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠵᠣᠯᠭᠠᠭᠤᠯᠤᠨ ᠨᠠᠶᠢᠳᠠᠪᠤᠷᠢᠵᠢᠭᠤᠯᠵᠤ᠂ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠬᠦᠴᠦᠨ ᠢᠶᠠᠷ ᠢᠶᠠᠨ ᠪᠤᠶᠢᠵᠢᠭᠤᠯᠬᠤ ᠬᠡᠷᠡᠭᠲᠡᠢ᠃ ᠬᠤᠶᠠᠷ ᠲᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠨᠡᠶᠢᠭᠡᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠤᠷᠭᠠᠨ | ᠬᠥᠮᠦᠵᠢᠯ ᠤᠨ ᠥᠨᠳᠦᠷᠯᠢᠭ ᠤᠨ ᠪᠦᠳᠦᠭᠡᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠡᠮ ᠡᠮᠨᠡᠯᠭᠡ ᠶᠢᠨ ᠥᠨᠳᠦᠷᠯᠢᠭ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠣᠶᠣᠯ ᠤᠨ | ᠥᠨᠳᠦᠷᠯᠢᠭ ᠤᠨ ᠪᠦᠳᠦᠭᠡᠨ ᠪᠠᠶᠢᠭᠤᠯᠤᠯᠲᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠠᠵᠢᠯ ᠣᠯᠭᠤᠯᠲᠠ | ᠣᠷᠣᠯᠭ᠎ᠠ ᠶᠢᠨ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ | ᠲᠣᠭᠤᠷᠢᠨ ᠢ ᠪᠤᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠢᠯᠡᠭᠦᠦ ᠬᠦᠷᠲᠡᠭᠡᠬᠦ | ᠬᠡᠷᠡᠭᠲᠡᠢ᠃ ᠭᠤᠷᠪᠠ ᠳᠤ᠂ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠶᠤᠯᠭᠦᠢ | ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠥᠷᠢ | ᠥᠭᠴᠡᠭᠡ ᠶᠢ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠲᠠᠯ᠎ᠠ ᠪᠠᠷ ᠬᠠᠤᠯᠢ ᠪᠠᠷ | ᠣᠷᠣᠨ ᠢᠶᠠᠨ ᠵᠠᠰᠠᠬᠤ ᠶᠢ ᠠᠬᠢᠭᠤᠯᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ | ᠪᠤᠢ ᠪᠣᠯᠭᠠᠬᠤ ᠬᠡᠷᠡᠭᠲᠡᠢ᠃ ᠲᠦᠷᠪᠡ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ | ᠲᠠᠰᠤᠷᠠᠯᠲᠠ ᠦᠭᠡᠢ ᠪᠠᠬᠢᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠴᠢᠨᠠᠷ ᠰᠠᠶᠢᠲᠠᠢ | ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | ᠪᠥᠬᠦᠳᠡ ᠬᠤᠷᠠᠯ ᠠᠴᠠ᠂ ᠡᠨᠡ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠶᠢ ᠪᠡᠶᠡᠯᠡᠭᠦᠯᠬᠦ ᠳᠤ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠲᠣᠭᠲᠠᠭᠤᠨ︾ ᠪᠠᠶᠢᠬᠤ ᠬᠥᠭ ᠠᠶᠠᠰ ᠢ | ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ ︽ᠰᠢᠨ᠎ᠡ︾ ᠵᠠᠮ ᠢᠶᠠᠷ ᠵᠠᠮᠨᠠᠵᠤ᠂ | ᠬᠤᠷᠢᠭ᠎ᠠ ᠱᠤᠭᠤᠮ ᠢ ᠪᠠᠲᠤ ᠰᠠᠬᠢᠵᠤ ︽ᠪᠣᠳᠠᠲᠠᠢ︾ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠩᠬᠠᠷᠤᠯ ᠢᠶᠠᠨ | ᠲᠥᠪᠯᠡᠷᠡᠭᠦᠯᠦᠨ ᠡᠷᠴᠢ ᠵᠣᠷᠢᠭ ᠢᠶᠠᠨ ᠬᠥᠪᠴᠢᠯᠡᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ︽ᠶᠠᠪᠤᠳᠠᠯ ᠪᠦᠬᠦᠨ ᠳᠤ ᠰᠡᠳᠬᠢᠯ ᠳᠣᠲᠣᠷ᠎ᠠ ᠪᠠᠨ | ᠦᠨᠳᠦᠰᠦᠨ ᠵᠦᠢᠯ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠦᠨᠡᠨ ᠬᠦ ᠬᠤᠪᠢᠷᠠᠭᠤᠯᠵᠤ᠂ ᠡᠯ᠎ᠡ | ᠵᠦᠢᠯ ᠤᠨ ᠠᠵᠢᠯ ᠤᠨ ᠲᠠᠬᠢᠨ ᠳᠡᠭᠲᠡᠷ ᠲᠤ ᠭᠠᠷᠬᠤ᠂ ᠲᠠᠬᠢᠨ ᠲᠠᠪᠰᠢᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ︽ᠤᠷᠢᠳᠠᠴᠢ ᠰᠢᠲᠠᠷ᠎ᠠ︾ ᠶᠢ ᠰᠠᠶᠢᠲᠤᠷ ᠲᠠᠯᠪᠢᠵᠤ᠂ ᠪᠣᠳᠠᠲᠤ | ᠴᠣᠭᠴᠠ ᠶᠢᠨ ᠠᠵᠤ ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠠᠵᠤ ᠠᠬᠤᠶ ᠶᠢ | ᠲᠦᠷᠭᠡᠳᠬᠡᠨ ᠬᠥᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠭᠤᠣᠯᠯᠠᠭᠴᠢ | ᠥᠷᠢᠰᠥᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠳᠣᠲᠣᠭᠠᠳᠤ | ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ | ᠣᠷᠣᠭᠤᠯᠤᠨ ᠠᠪᠴᠢᠷᠠᠬᠤ ᠦᠢᠯᠡᠴᠢᠯᠡᠭᠡᠨ ᠤ ᠲᠠᠯ᠎ᠠ ᠪᠠᠷ ᠪᠣᠭᠤᠮᠲᠠ ᠰᠢᠪᠲᠤᠯᠬᠤ ᠬᠡᠷᠡᠭᠲᠡᠢ᠃ ᠲᠡᠷᠢᠭᠦᠨ ᠤ | ᠦᠢᠯᠡᠳᠬᠡᠯ ᠤᠨ ᠦᠢᠯᠡᠰ ᠬᠢᠭᠡᠳ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠶ ᠠᠭᠤᠰᠤᠯᠴᠠᠬᠤ ᠶᠢ | ᠪᠠᠷᠢᠮᠲᠠᠯᠠᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠨ᠂ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠷᠡᠭᠯᠡᠭᠡ ᠪᠠ ᠪᠠᠯᠠ ᠣᠷᠣᠭᠤᠯᠤᠯᠲᠠ ᠶᠢ ᠬᠠᠷᠢᠯᠴᠠᠨ | ᠠᠬᠢᠭᠤᠯᠬᠤ ᠰᠠᠶᠢᠨ ᠣᠷᠴᠢᠯ ᠢ ᠪᠣᠶ ᠪᠣᠯᠭᠠᠨ᠎ᠠ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠲᠠᠯ᠎ᠠ ᠪᠠᠷ | ᠪᠣᠭᠤᠮᠲᠠ ᠰᠢᠪᠲᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢ | ᠵᠢᠭᠰᠠᠭᠠᠵᠤ᠂ ︽ᠭᠤᠷᠪᠠᠨ ᠥᠨᠳᠦᠷᠯᠢᠭ︾ ᠤᠨ ᠪᠥᠲᠥᠭᠡᠨ ᠪᠠᠶᠢᠭᠤᠯᠤᠯᠲᠠ ᠪᠠᠷ ᠬᠦᠷᠲᠡᠮᠵᠢ ᠶᠢᠨ ᠲᠥᠷᠥᠭᠳᠡᠯ ᠢ | ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠢᠶᠠᠷ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ | ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠪᠠᠷ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ | ᠬᠤᠲᠠ ᠶᠢ ᠨᠠᠩ ᠴᠢᠨᠠᠷ ᠴᠢᠨᠰᠠᠭ᠎ᠠ ᠲᠠᠢ᠂ ᠠᠷᠠᠳ ᠣᠯᠠᠨ ᠤ ᠠᠮᠢᠳᠤᠷᠠᠯ ᠢ ᠨᠠᠩ ᠵᠣᠯ ᠵᠢᠷᠭᠠᠯ ᠲᠠᠢ ᠪᠤᠯᠭᠠᠨ᠎ᠠ ᠭᠡᠵᠦ | ᠴᠢᠬᠤᠯᠠᠴᠢᠯᠠᠭᠰᠠᠨ ᠪᠠᠶᠢᠨ᠎ᠠ᠃ | ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠷᠭᠡᠨ ᠤᠯᠠᠨ ᠺᠠᠳ᠋ᠷ᠂ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠭᠦᠢᠴᠡᠳ ᠡᠷᠴᠢ ᠵᠣᠷᠢᠭ᠂ | ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠨᠴᠤᠢ ᠰᠢᠮᠠᠯᠠᠨ ᠴᠢᠷᠮᠠᠶᠢᠨ | ᠠᠵᠢᠯᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠪᠦᠬᠦ ᠬᠤᠳᠠ ᠶᠢᠨ | ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ | ᠲᠦᠷᠭᠡᠨ ᠵᠠᠮᠨᠠᠬᠤ ᠳᠤ ᠨᠡᠩ ᠶᠡᠭᠡ ᠴᠢᠩᠱᠠᠨ ᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃ | | | | |