ᠶᠢᠨ ᠬᠠᠢ ᠨᠡᠶᠢᠭᠡᠮ ᠲᠣᠭᠤᠷᠢᠭ ᠴᠡᠷᠢᠭ ᠤᠨ ᠠᠯᠪᠠ ᠶᠢ ᠳᠠᠩᠰᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/7
      ᠴᠡᠷᠢᠭ ᠤᠨ ᠠᠯᠪᠠ ᠶᠢ ᠳᠠᠩᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠬᠠᠤᠯᠢ ᠶᠣᠰᠣᠭᠠᠷ ᠴᠡᠷᠢᠭ ᠤᠨ ᠠᠯᠪᠠ ᠳᠤ ᠤᠷᠤᠯᠴᠠᠬᠤ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠴᠡᠷᠢᠭ ᠤᠨ ᠠᠯᠪᠠ ᠶᠢ ᠳᠠᠩᠰᠠᠯᠠᠬᠤ ᠪᠠ ᠴᠡᠷᠢᠭ ᠡᠯᠰᠡᠬᠦ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠠᠷᠢᠶᠠᠲᠤ ᠣᠷᠣᠨ ᠤ ᠵᠣᠬᠢᠬᠤ ᠨᠠᠰᠤᠨ ᠤ ᠵᠠᠯᠠᠭᠤᠴᠤᠳ ᠲᠤ ᠴᠡᠷᠢᠭ ᠡᠯᠰᠡᠬᠦ ᠠᠵᠢᠯ ᠤᠨ ᠠᠭᠤᠯᠭ᠎ᠠ ᠪᠠ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠶᠢᠯᠠᠭᠠᠭᠤᠯᠬᠤ ᠶᠢᠨ ᠲᠥᠯᠥᠭᠡ᠂ ᠣᠶᠢᠷ᠎ᠠ ᠳᠤ᠂ ᠶᠢᠨ ᠬᠠᠶ ᠨᠡᠶᠢᠭᠡᠮ ᠲᠣᠭᠤᠷᠢᠭ ᠴᠡᠷᠢᠭ ᠤᠨ ᠠᠯᠪᠠ ᠶᠢ ᠳᠠᠩᠰᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠷᠢᠶᠠᠲᠤ ᠣᠷᠣᠨ ᠤ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠡᠯᠰᠡᠭᠳᠡᠬᠦ ᠬᠠᠯᠠᠭᠤᠨ ᠰᠡᠳᠬᠢᠯᠭᠡ ᠶᠢ ᠬᠥᠭᠵᠢᠭᠡᠪᠡ᠃      ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠠᠮᠠ ᠶᠢᠨ ᠮᠡᠳᠡᠭᠡ ᠵᠠᠩᠭᠢ ᠶᠢ ᠤᠶᠢᠯᠠᠭᠠᠨ ᠵᠢᠭᠰᠠᠭᠠᠬᠤ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠵᠣᠬᠢᠬᠤ ᠨᠠᠰᠤᠨ ᠤ ᠵᠠᠯᠠᠭᠤᠴᠤᠳ ᠤᠨ ᠬᠥᠮᠦᠨ ᠤ ᠲᠤᠭ᠎ᠠ ᠶᠢ ᠡᠵᠡᠮᠰᠢᠵᠦ᠂ ᠡᠷᠦᠬᠡ ᠳᠤ ᠬᠦᠷᠴᠦ ᠰᠤᠷᠪᠤᠯᠵᠢᠯᠠᠨ᠂ ᠬᠡᠷ ᠤᠨ ᠠᠬᠠᠮᠠᠳ ᠤᠨ ᠳᠤᠷᠠᠳᠤᠭᠰᠠᠨ ᠡᠷᠡᠭᠡᠯᠵᠡᠯ ᠪᠠ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠬᠦᠯᠢᠴᠡᠩᠭᠦᠶ ᠪᠠᠷ ᠨᠠᠷᠢᠨ ᠨᠢᠮᠪᠠᠶ ᠨᠢᠭᠡᠳ ᠨᠢᠭᠡ ᠪᠠᠷ ᠲᠠᠶᠢᠯᠪᠤᠷᠢᠯᠠᠪᠠ᠃ ᠡᠭᠦᠨ ᠤ ᠬᠠᠮᠲᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠸᠢᠴᠠᠲ ᠤᠨ ᠴᠤᠭᠯᠠᠷᠠᠯ ᠳᠤ ᠴᠡᠷᠢᠭ ᠤᠨ ᠠᠯᠪᠠ ᠶᠢᠨ ᠳᠡᠩᠰᠡᠯᠡᠯᠲᠡ ᠶᠢᠨ ᠡᠯ᠎ᠡ ᠲᠥᠷᠥᠯ ᠤᠨ ᠤᠬᠠᠭᠤᠯᠭ᠎ᠠ ᠪᠠ ᠴᠡᠷᠢᠭ ᠤᠨ ᠠᠯᠪᠠ ᠶᠢᠨ ᠳᠡᠩᠰᠡᠯᠡᠯᠲᠡ ᠶᠢᠨ ᠴᠥᠷᠬᠡᠯᠡᠭᠡ ᠬᠦᠷᠭᠡᠵᠦ᠂ ᠵᠣᠬᠢᠬᠤ ᠨᠠᠰᠤᠨ ᠤ ᠵᠠᠯᠠᠭᠤᠴᠤᠳ ᠲᠤ ᠡᠷᠬᠡᠪᠰᠢ ᠴᠡᠷᠢᠭ ᠤᠨ ᠠᠯᠪᠠ ᠶᠢᠨ ᠳᠡᠩᠰᠡᠯᠡᠯᠲᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠮᠡᠳᠡᠭᠳᠡᠵᠦ᠂ ᠴᠡᠷᠢᠭ ᠤᠨ ᠠᠯᠪᠠ ᠶᠢᠨ ᠳᠡᠩᠰᠡᠯᠡᠯᠲᠡ ᠶᠢᠨ ᠱᠠᠭᠠᠷᠳᠠᠯᠭ᠎ᠠ᠂ ᠠᠷᠭ᠎ᠠ᠂ ᠭᠦᠢᠴᠡᠳᠭᠡᠬᠦ ᠶᠠᠪᠤᠴᠠ ᠵᠢᠴᠢ ᠭᠤᠭᠤᠵᠢᠭᠳᠠᠭᠰᠠᠨ ᠨᠥᠯᠥᠭᠡ ᠵᠡᠷᠭᠡ ᠠᠭᠤᠯᠭ᠎ᠠ ᠶᠢ ᠲᠤᠲᠤᠷᠬᠠᠶᠢᠯᠠᠨ᠎ᠠ᠃      ᠲᠣᠰ ᠤᠳᠠᠭᠠᠨ ᠤ ᠴᠡᠷᠢᠭ ᠤᠨ ᠠᠯᠪᠠ ᠶᠢ ᠳᠠᠩᠰᠠᠯᠠᠬᠤ ᠤᠬᠠᠭᠤᠯᠭ᠎ᠠ ᠶᠢᠨ ᠠᠵᠢᠯᠯᠠᠭ᠎ᠠ ᠨᠢ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠢᠳᠡᠪᠬᠢᠵᠢᠯ ᠢ ᠬᠥᠭᠵᠢᠭᠡᠵᠦ᠂ 2025 ᠣᠨ ᠤ ᠴᠡᠷᠢᠭ ᠡᠯᠰᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠶᠢᠨ ᠬᠠᠢ ᠨᠡᠶᠢᠭᠡᠮ ᠲᠣᠭᠤᠷᠢᠭ ᠤᠨ ᠬᠢᠨ ᠤᠬᠠᠭᠤᠯᠤᠨ ᠳᠠᠶᠢᠴᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠡᠯ᠎ᠡ ᠵᠦᠢᠯ ᠤᠨ ᠴᠡᠷᠢᠭ ᠡᠯᠰᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠩ ᠤᠯᠠᠨ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠤᠨ ᠠᠯᠪᠠᠨ ᠳᠤ ᠳᠠᠩᠰᠠᠯᠠᠯᠲᠠ ᠬᠢᠬᠦ ᠪᠠ ᠴᠡᠷᠢᠭ ᠲᠤ ᠡᠯᠰᠡᠬᠦ ᠪᠠᠷ ᠨᠡᠷ᠎ᠡ ᠮᠡᠳᠡᠭᠦᠯᠬᠦ ᠶᠢ ᠵᠣᠷᠢᠭᠵᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号