ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠠᠮᠵᠢᠯᠲᠠ ᠲᠠᠢ ᠣᠯᠪᠠ
ᠨᠡᠶᠢᠲᠡᠯᠡᠭᠰᠡᠨ ᠴᠠᠭ᠄
2025/1/7
      ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠠᠵᠢᠯ ᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠪᠤᠭᠤᠲᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠵᠢᠴᠢ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠨᠢ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠱᠠᠲᠤᠨ ᠠᠴᠠ ᠮᠡᠳᠡᠭᠦᠯᠦᠨ ᠵᠥᠪᠰᠢᠶᠡᠷᠡᠭᠦᠯᠬᠦ ᠱᠠᠲᠤ ᠦᠶ᠎ᠡ ᠪᠣᠯᠲᠠᠯ᠎ᠠ ᠢᠳᠡᠪᠬᠢᠲᠡᠶ ᠪᠠᠷ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠬᠢᠴᠠᠭᠤᠯᠵᠤ᠂ ᠠᠷᠭ᠎ᠠ ᠤᠬᠠᠭᠠᠨ ᠭᠠᠷᠭᠠᠪᠠ᠃ ᠣᠶᠢᠷ᠎ᠠ ᠳᠤ᠂ ︽ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠲᠤᠬᠠᠶ ᠮᠡᠳᠡᠭᠦᠯᠦᠯᠲᠡ ᠶᠢᠨ ᠪᠢᠴᠢᠭ︾᠎ ᠨᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠬᠢᠨᠠᠨ ᠪᠠᠶᠢᠴᠠᠭᠠᠯᠲᠠ ᠶᠢ ᠵᠢᠩᠬᠢᠨᠢ ᠪᠠᠷ ᠪᠠᠲᠤᠯᠠᠵᠦ᠂ ᠠᠮᠵᠢᠯᠲᠠ ᠲᠠᠢ ᠪᠠᠷ ᠴᠣᠬᠤᠯᠠᠪᠤᠷᠢ ᠶᠢ ᠤᠯᠪᠠ᠃      ᠣᠶᠢᠷ᠎ᠠ ᠶᠢᠨ ᠵᠢᠯ ᠤᠨ ᠲᠤᠷᠰᠢ᠂ ᠬᠦᠷᠢᠶᠡᠯᠡᠩ ᠲᠣᠭᠤᠷᠢᠭ ᠨᠢ ᠤᠯᠠᠮᠵᠢᠯᠠᠯᠲᠤ ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠤᠨ ᠲᠠᠰ ᠳᠡᠪᠰᠢᠨ ᠬᠠᠯᠠᠬᠤ᠂ ᠬᠥᠳᠡᠯᠭᠡᠬᠦ ᠡᠨᠧᠷᠭᠢ ᠶᠢᠨ ᠰᠣᠯᠢᠭᠳᠠᠯ ᠪᠠ ᠰᠢᠨ᠎ᠡ ᠬᠥᠳᠡᠯᠭᠡᠬᠦ ᠡᠨᠧᠷᠭᠢ ᠶᠢᠨ ᠪᠤᠶᠢᠵᠢᠯᠲᠠ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠬᠡᠯᠪᠡᠷᠢ ᠶᠢᠨ ᠮᠠᠲ᠋ᠧᠷᠢᠶᠠᠯ᠂ ᠣᠲᠣ ᠦᠶ᠎ᠡ ᠶᠢᠨ ᠡᠨᠧᠷᠭᠢ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠠᠩᠬ᠎ᠠ ᠠᠯᠬᠤᠮ ᠪᠦᠷᠢᠯᠳᠦᠭᠦᠯᠪᠡ᠃ ᠲᠣᠰ ᠤᠳᠠᠭᠠᠨ ᠤ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠪᠠᠷ ᠵᠥᠪᠰᠢᠶᠡᠷᠡᠭᠳᠡᠵᠦ᠂ ᠬᠦᠷᠢᠶᠡᠯᠡᠩ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠶᠢ ᠴᠢᠩᠭᠠᠳᠬᠠᠬᠤ ᠳᠤ ᠰᠠᠭᠤᠷᠢ ᠶᠢ ᠪᠠᠬᠢᠵᠢᠭᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠳᠤ ᠬᠦᠴᠦᠲᠡᠶ ᠪᠠᠲᠤᠯᠠᠭ᠎ᠠ ᠶᠢᠨ ᠲᠤᠯᠭᠠᠭᠤᠷᠢᠯᠠᠯ ᠬᠠᠩᠭᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠬᠤ᠂ ᠡᠬᠢ ᠪᠠᠶᠠᠯᠢᠭ ᠢ ᠠᠰᠢᠭᠯᠠᠬᠤ᠂ ᠪᠣᠬᠢᠷᠲᠤᠯ ᠥᠬᠡᠶ ᠡᠷᠭᠢᠯᠳᠦᠭᠦᠯᠦᠨ ᠴᠢᠨᠠᠷ ᠰᠠᠶᠢᠲᠠᠶ ᠬᠥᠭᠵᠢᠭᠦᠯᠬᠦ ᠲᠠᠯ᠎ᠠ ᠪᠠᠷ ᠪᠦᠲᠦᠮᠵᠢᠲᠡᠶ ᠵᠢᠯᠣᠭᠤᠳᠬᠤ ᠦᠢᠯᠡᠳᠦᠯ ᠦᠵᠡᠭᠦᠯᠪᠡ᠃      ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠱᠠᠲᠤᠨ ᠳᠤ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠢᠳᠡᠪᠬᠢᠲᠡᠶ ᠪᠠᠷ ᠠᠵᠢᠯᠯᠠᠵᠤ᠂ ᠨᠢᠭᠡ ᠲᠠᠯ᠎ᠠ ᠪᠠᠷ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠲᠠᠢ ᠰᠠᠭᠠᠳ ᠥᠬᠡᠶ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠶᠢ ᠴᠠᠭ ᠲᠤᠬᠠᠶ ᠳᠤᠨᠢ ᠬᠢᠬᠦ᠂ ᠠᠰᠠᠭᠤᠳᠠᠯ ᠢ ᠥᠨᠳᠥᠷ ᠪᠦᠲᠦᠮᠵᠢᠲᠡᠶ ᠰᠢᠢᠳᠪᠦᠷᠢᠯᠡᠬᠦ ᠶᠢ ᠪᠠᠲᠤᠯᠠᠪᠠ︔ ᠨᠥᠭᠦᠭᠡ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠬᠢᠭᠡᠳ ᠠᠵᠤ ᠦᠢᠯᠡᠰ ᠤᠨ ᠲᠥᠯᠥᠪᠵᠢᠭᠦᠯᠭᠡ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠦᠨᠳᠦᠰᠦᠯᠡᠨ᠂ ᠣᠷᠴᠢᠨ ᠲᠣᠭᠤᠷᠢᠨ ᠤ ᠦᠨᠡᠯᠡᠯᠲᠡ ᠶᠢᠨ ᠵᠠᠰᠠᠪᠤᠷᠢ ᠣᠷᠣᠭᠤᠯᠤᠭᠰᠠᠨ ᠨᠠᠷᠢᠨ ᠵᠦᠢᠯᠡᠰ ᠢ ᠭᠦᠨᠵᠡᠭᠡᠶ ᠰᠤᠳᠤᠯᠤᠨ ᠶᠠᠷᠢᠯᠴᠠᠵᠤ᠂ ᠤᠷᠢᠳᠴᠢᠯᠠᠨ ᠲᠥᠯᠥᠪᠯᠡᠵᠦ᠂ ᠨᠠᠷᠢᠯᠢᠭ ᠤᠨᠤᠪᠴᠢᠲᠠᠢ ᠬᠦᠴᠦᠯᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠨᠠᠶᠢᠷᠠᠭᠤᠯᠤᠨ ᠵᠣᠬᠢᠶᠠᠬᠤ ᠳᠤ ︽ᠬᠤᠷᠳᠤᠴᠠ ᠪᠠᠨ ᠨᠡᠮᠡᠭᠳᠡᠭᠦᠯᠬᠦ︾ ᠠᠵᠢᠯ ᠢ ᠬᠠᠪᠰᠤᠷᠤᠨ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠮᠡᠳᠡᠭᠦᠯᠦᠯᠲᠡ ᠶᠢ ᠮᠡᠳᠡᠭᠦᠯᠦᠨ ᠵᠥᠪᠰᠢᠶᠡᠷᠡᠭᠦᠯᠬᠦ ᠵᠠᠩᠭᠢᠯᠠᠭ᠎ᠠ ᠶᠢᠨ ᠴᠡᠭ ᠲᠤ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠣᠷᠴᠢᠨ ᠲᠣᠭᠤᠷᠢᠨ ᠤ ᠦᠨᠡᠯᠡᠯᠲᠡ ᠶᠢᠨ ᠭᠠᠵᠠᠷ ᠲᠠᠢ ᠢᠳᠡᠪᠬᠢᠲᠡᠶ ᠪᠠᠷ ᠵᠣᠯᠭᠠᠭᠤᠯᠵᠤ᠂ ᠠᠵᠢᠯ ᠤᠨ ᠠᠬᠢᠴᠠ ᠪᠠᠨ ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠵᠠᠰᠠᠪᠤᠷᠢ ᠣᠷᠣᠭᠤᠯᠬᠤ ᠱᠠᠭᠠᠷᠳᠠᠯᠭ᠎ᠠ ᠶᠢ ᠣᠨᠣᠪᠴᠢᠲᠠᠶ ᠤᠶᠢᠯᠠᠭᠠᠨ᠂ ᠬᠦᠷᠢᠶᠡᠯᠡᠩ ᠲᠣᠭᠤᠷᠢᠭ ᠲᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠲᠤᠯᠭᠠᠭᠤᠷᠢᠯᠠᠬᠤ ᠮᠠᠲ᠋ᠧᠷᠢᠶᠠᠯ ᠢ ᠴᠢᠩᠭ᠎ᠠ ᠨᠢᠮᠪᠠᠶ ᠲᠡᠭᠦᠯᠳᠡᠷᠵᠢᠭᠦᠯᠦᠨ᠎ᠡ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠤᠪᠢᠶᠠᠷᠢ ᠲᠤᠪᠴᠢᠶ᠎ᠠ ᠦᠷᠭᠦᠯᠵᠢᠯᠡᠨ ᠬᠦᠴᠦᠯᠡᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠤᠯᠠᠨ ᠲᠠᠯ᠎ᠠ ᠪᠠᠷ ᠵᠣᠬᠢᠴᠠᠭᠤᠯᠬᠤ ᠶᠢ ᠴᠢᠩᠭᠠᠳᠬᠠᠵᠤ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠬᠠᠮᠵᠢᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠣᠬᠢᠴᠠᠩᠭᠤᠢ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠶᠢ ᠲᠣᠭᠲᠠᠭᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠢ ᠴᠢᠩᠭ᠎ᠠ ᠡᠵᠡᠮᠳᠡᠵᠦ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号