2024 ᠣᠨ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠵᠢᠯ ᠡᠷᠬᠢᠯᠡᠬᠦ ᠡᠮ ᠨᠠᠶᠢᠷᠠᠭᠴᠢ ᠶᠢᠨ ᠠᠵᠢᠯ ᠤᠨ ᠪᠠᠶᠢᠷᠢ ᠳᠡᠭᠡᠷ᠎ᠡ ᠪᠠᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ ᠠᠵᠢᠯ ᠡᠷᠬᠢᠯᠡᠬᠦ ᠡᠮ ᠨᠠᠶᠢᠷᠠᠭᠴᠢ ᠶᠢᠨ ︽ᠦᠨᠡᠮᠯᠡᠯ ᠡᠯᠭᠦᠬᠦ︾ | ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ᠂ ᠴᠢᠩ ᠹᠧᠩ ᠡᠮ ᠨᠠᠶᠢᠷᠠᠭᠴᠢ ᠶᠢᠨ ᠲᠤᠰᠬᠠᠢ ᠠᠵᠢᠯᠯᠠᠭ᠎ᠠ | ᠵᠡᠷᠭᠡ ᠠᠯᠢ ᠤᠯᠠᠨ ᠲᠤᠰᠬᠠᠢ ᠲᠦᠷᠦᠯ ᠤᠨ ᠠᠵᠢᠯᠯᠠᠭ᠎ᠠ ᠪᠣᠯᠤᠨ ᠡᠳᠦᠷ ᠲᠤᠳᠤᠮ ᠤᠨ ᠪᠠᠶᠢᠴᠠᠭᠠᠯᠲᠠ ᠶᠢᠨ | ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠱᠠᠯᠠᠪᠳᠠᠨ ᠪᠠᠶᠢᠴᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ | ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠠᠵᠢᠯ ᠡᠷᠬᠢᠯᠡᠬᠦ ᠡᠮ ᠨᠠᠶᠢᠷᠠᠭᠴᠢ ᠶᠢᠨ | ᠠᠵᠢᠯ ᠤᠨ ᠪᠠᠶᠢᠷᠢ ᠳᠤ ᠪᠠᠶᠢᠬᠤ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠪᠠᠲᠤᠯᠠᠪᠠ᠃ | 2024 ᠣᠨ ᠳᠤ᠂ ᠴᠢᠩᠱᠠᠨ ᠲᠣᠭᠤᠷᠢᠭ ᠤᠨ 399 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ | ᠡᠭᠦᠨ ᠳᠤ ᠬᠤᠯᠪᠣᠯᠳᠤᠭᠰᠠᠨ ᠳᠡᠯᠭᠡᠭᠦᠷ 212᠂ ᠲᠠᠩ ᠴᠣᠭᠴᠠᠲᠤ ᠡᠮ ᠤᠨ ᠳᠡᠯᠭᠡᠭᠦᠷ 187 ᠪᠠᠶᠢᠵᠤ᠂ ᠨᠡᠶᠢᠲᠡ | 402 ᠠᠵᠢᠯ ᠡᠷᠭᠢᠯᠡᠬᠦ ᠡᠮ ᠨᠠᠶᠢᠷᠠᠭᠴᠢ ᠲᠣᠬᠢᠷᠠᠭᠤᠯᠵᠤ᠂ ᠳᠡᠭᠡᠷ᠎ᠡ ᠨᠢᠭᠡ ᠵᠢᠯ ᠤᠨ ᠬᠢ ᠠᠴᠠ 161 ᠠᠵᠢᠯ ᠡᠷᠭᠢᠯᠡᠬᠦ | ᠡᠮ ᠨᠠᠶᠢᠷᠠᠭᠴᠢ ᠲᠣᠬᠢᠷᠠᠭᠤᠯᠵᠤ᠂ ᠨᠡᠮᠡᠭᠳᠡᠯ ᠤᠨ ᠨᠣᠷᠮ᠎ᠠ ᠨᠢ 66.8% ᠳᠤ ᠬᠦᠷᠴᠦ᠂ ᠲᠤᠰᠬᠠᠶ ᠴᠡᠭᠴᠡᠯᠡᠨ ᠵᠠᠰᠠᠬᠤ | ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ | ᠬᠠᠩᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠣᠲᠣ ᠶᠢᠨ ᠳᠥᠭᠦᠮ ᠳᠥᠲᠡ ᠢᠨᠲ᠋ᠧᠷ ᠰᠦᠯᠵᠢᠶᠡᠨ ᠤ ᠵᠣᠷ ᠤᠨ ᠲᠠᠪᠴᠠᠩ ᠳᠤ ᠰᠠᠭᠤᠷᠢᠯᠠᠨ᠂ ᠠᠵᠢᠯ | ᠡᠷᠭᠢᠯᠡᠬᠦ ᠡᠮ ᠨᠠᠶᠢᠷᠠᠭᠴᠢ ᠶᠢᠨ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠰᠢᠨ᠎ᠡ ᠪᠠᠷ ᠡᠭᠦᠳᠦᠨ ᠠᠬᠢᠭᠤᠯᠪᠠ᠃ | ᠠᠵᠢᠯ ᠡᠷᠬᠢᠯᠡᠬᠦ ᠡᠮ ᠨᠠᠶᠢᠷᠠᠭᠴᠢ ᠢᠨᠲ᠋ᠧᠷ ᠰᠦᠯᠵᠢᠶᠡᠨ ᠤ ᠳᠠᠪᠠᠭᠤᠯᠢᠭ ᠢ ᠠᠰᠢᠭᠯᠠᠨ᠂ ᠠᠷᠠᠳ ᠣᠯᠠᠨ ᠳᠤ ᠨᠠᠩ | ᠳᠥᠭᠦᠮ ᠳᠥᠲᠡ᠂ ᠥᠨᠳᠥᠷ ᠪᠦᠲᠦᠮᠵᠢᠲᠡᠶ ᠡᠮ ᠤᠨ ᠤᠬᠠᠭᠠᠨ ᠤ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ | ᠡᠮ ᠤᠨ ᠵᠦᠢᠯ ᠤᠨ ᠮᠦᠷᠳᠡᠬᠦ ᠨᠣᠮᠧᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮ ᠤᠨ ᠵᠦᠢᠯ ᠤᠨ | ᠡᠵᠡᠩᠨᠡᠯᠲᠡ ᠶᠢᠨ ᠭᠤᠭᠴᠤᠭ᠎ᠠ ᠶᠢᠨ ᠮᠥᠷᠳᠡᠨ ᠬᠠᠮᠢᠶᠠᠷᠤᠯᠲᠠ ᠶᠢ ᠴᠢᠩᠭᠠᠷᠠᠭᠤᠯᠤᠨ᠂ ᠠᠷᠠᠳ ᠣᠯᠠᠨ ᠤ ᠡᠮ ᠬᠡᠷᠡᠭᠯᠡᠬᠦ | ᠠᠮᠤᠷ ᠲᠦᠪᠰᠢᠨ ᠪᠦᠲᠦᠮᠵᠢᠲᠡᠶ ᠪᠠᠶᠢᠬᠤ ᠶᠢ ᠪᠥᠬᠦ ᠲᠠᠯ᠎ᠠ ᠪᠠᠷ ᠪᠠᠲᠤᠯᠠᠪᠠ᠃ | 2025 ᠣᠨ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠥᠨᠳᠥᠷ ᠳᠠᠷᠤᠯᠲᠠᠲᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠠᠵᠢᠯ ᠡᠷᠬᠢᠯᠡᠬᠦ ᠡᠮ ᠨᠠᠶᠢᠷᠠᠭᠴᠢ ᠬᠢᠨᠠᠨ | ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠷᠢᠨ ᠭᠦᠢᠴᠡᠳ ᠲᠣᠬᠢᠷᠠᠭᠤᠯᠤᠭᠰᠠᠨ ᠦᠭᠡᠢ | ᠡᠮ ᠤᠨ ᠡᠵᠡᠩᠨᠡᠯᠲᠡ ᠶᠢᠨ ᠠᠵᠤ ᠠᠬᠤᠢᠯᠠᠯ ᠳᠤ ᠴᠢᠭᠯᠡᠭᠦᠯᠦᠨ᠂ ᠲᠤᠰᠬᠠᠢ ᠮᠡᠷᠭᠡᠵᠢᠯ ᠤᠨ ᠠᠵᠢᠯ ᠡᠷᠬᠢᠯᠡᠬᠦ ᠡᠮ | ᠨᠠᠶᠢᠷᠠᠭᠴᠢ ᠲᠣᠬᠢᠷᠠᠭᠤᠯᠬᠤ ᠶᠢ ᠦᠷᠭᠦᠯᠵᠢᠯᠡᠨ ᠱᠠᠯᠠᠪᠳᠠᠭᠤᠯᠤᠨ᠂ ᠨᠢᠭᠡᠨᠲᠡ ᠠᠵᠢᠯ ᠡᠷᠬᠢᠯᠡᠬᠦ ᠡᠮ ᠨᠠᠶᠢᠷᠠᠭᠴᠢ | ᠲᠣᠬᠢᠷᠠᠭᠤᠯᠤᠭᠰᠠᠨ ᠠᠵᠤ ᠠᠬᠤᠢᠯᠠᠯ ᠳᠤ ᠴᠢᠭᠯᠡᠭᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ | ᠡᠷᠬᠢᠯᠡᠬᠦ ᠡᠮ ᠨᠠᠶᠢᠷᠠᠭᠴᠢ ᠲᠤᠰᠢᠶᠠᠯ ᠳᠤ ᠪᠠᠶᠢᠬᠤ ᠪᠠ ᠡᠮ ᠤᠨ ᠵᠦᠢᠯᠡᠰ ᠤᠨ ᠦᠢᠯᠡᠴᠢᠯᠡᠭᠡᠨ ᠤ ᠶᠠᠰᠤ ᠴᠢᠨᠠᠷ ᠢ | ᠦᠨᠡᠨᠬᠦ ᠪᠠᠲᠤᠯᠠᠵᠤ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | | | | | | | | |