ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠯᠠ ᠮᠥᠩᠭᠦ ᠶᠢᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠲᠦᠷᠢᠶᠡᠰᠦᠨ ᠣᠷᠣᠨ | ᠰᠠᠭᠤᠴᠠ ᠶᠢᠨ ᠨᠥᠬᠦᠪᠥᠷᠢ ᠭᠡᠬᠦ ᠡᠨᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ | ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠣᠶᠢᠷ᠎ᠠ ᠳᠤ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠶᠢᠨ ᠯᠢᠨ | ᠨᠡᠶᠢᠭᠡᠮ ᠲᠣᠭᠤᠷᠢᠭ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠥᠷᠨᠢᠭᠦᠯᠪᠡ᠃ | ᠨᠡᠶᠢᠭᠡᠮ ᠲᠣᠭᠤᠷᠢᠭ ᠸᠢᠴᠠᠲ ᠤᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠪᠤᠯᠤᠩ᠂ ᠲᠤᠬᠠᠶ ᠶᠢᠨ | ᠲᠠᠯᠠᠪᠤᠷ ᠲᠤ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠰᠠᠭᠤᠭᠠᠯᠢ | ᠠᠷᠠᠳ ᠤᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠯᠠ ᠮᠥᠩᠭᠦ ᠶᠢᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠬᠠᠮᠲᠤ ᠠᠵᠢᠯᠲᠠᠳ ᠨᠡᠶᠢᠭᠡᠮ ᠲᠣᠭᠤᠷᠢᠭ ᠲᠤ ᠢᠷᠡᠵᠦ | ᠠᠰᠠᠭᠤᠨ ᠯᠠᠪᠯᠠᠬᠤ ᠰᠠᠭᠤᠭᠠᠯᠢ ᠠᠷᠠᠳ ᠲᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠲᠦᠷᠢᠶᠡᠰᠦᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠡᠲᠡᠭᠡᠳ᠂ ᠭᠤᠶᠤᠴᠢᠯᠠᠬᠤ ᠨᠥᠬᠦᠴᠡᠯ᠂ ᠬᠡᠷᠡᠭᠰᠡᠬᠦ | ᠮᠠᠲ᠋ᠧᠷᠢᠶᠠᠯ ᠵᠡᠷᠭᠡ ᠪᠣᠳᠠᠲᠠᠶ ᠠᠭᠤᠯᠭ᠎ᠠ ᠶᠢ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ | ᠣᠷᠣᠰᠢᠵᠤ ᠪᠠᠶᠢᠭ᠎ᠠ ᠮᠠᠳᠠᠭ ᠲᠠᠢ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠭᠤᠶᠤᠴᠢᠯᠠᠭᠰᠠᠨ | ᠡᠷᠦᠬᠡ ᠶᠢᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠰᠠᠭᠤᠭᠠᠯᠢ ᠠᠷᠠᠳ ᠲᠤ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠶᠢ ᠨᠠᠩ | ᠭᠦᠨᠵᠡᠭᠡᠶ ᠤᠶᠢᠯᠠᠭᠠᠨ ᠣᠶᠢᠯᠠᠭᠠᠭᠤᠯᠪᠠ᠃ ᠡᠭᠦᠨ ᠤ ᠬᠠᠮᠲᠤ ᠲᠤᠬᠠᠶ ᠶᠢᠨ ᠲᠠᠯᠠᠪᠤᠷ ᠲᠤ ᠰᠠᠭᠤᠭᠠᠯᠢ ᠠᠷᠠᠳ ᠤᠨ ᠭᠠᠷ | ᠤᠲᠠᠰᠤ ᠪᠠᠷ ︽ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ︾ ᠶᠢᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠨᠠᠩ ᠣᠯᠠᠨ ᠬᠠᠮᠢᠶ᠎ᠠ | ᠪᠦᠬᠦᠢ ᠮᠡᠳᠡᠭᠡ ᠵᠠᠩᠭᠢ ᠶᠢ ᠣᠯᠬᠤ ᠳᠤ ᠲᠥᠬᠦᠮ ᠪᠣᠯᠭᠠᠪᠠ᠃ | ᠲᠣᠰ ᠤᠳᠠᠭᠠᠨ ᠤ ᠤᠬᠠᠭᠤᠯᠭ᠎ᠠ ᠪᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠵᠢᠩᠬᠢᠨᠢ ᠬᠡᠷᠡᠭᠴᠡᠭᠡ ᠲᠠᠢ ᠬᠥᠮᠦᠨ ᠳᠤ ᠴᠠᠭ ᠲᠤᠬᠠᠶ ᠳᠤᠨᠢ ᠣᠨᠣᠪᠴᠢᠲᠠᠶ ᠤᠯᠠᠮᠵᠢᠯᠠᠵᠤ᠂ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠨᠣᠷᠮ᠎ᠠ ᠪᠠ ᠲᠦᠭᠡᠮᠡᠯ ᠬᠠᠷᠠᠭᠠᠯᠵᠠᠯ ᠤᠨ ᠬᠡᠮᠵᠢᠶ᠎ᠡ ᠶᠢ | ᠳᠡᠭᠡᠭᠰᠢᠯᠡᠭᠦᠯᠦᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠶᠢᠨ ᠯᠢᠨ ᠨᠡᠶᠢᠭᠡᠮ ᠲᠣᠭᠤᠷᠢᠭ ᠣᠯᠠᠨ ᠵᠦᠢᠯ ᠤᠨ ᠬᠡᠯᠪᠡᠷᠢ ᠪᠠᠷ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ | ᠠᠷᠠᠳ ᠲᠤ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠨᠠᠩ ᠣᠯᠠᠨ ᠰᠠᠭᠤᠭᠠᠯᠢ ᠠᠷᠠᠳ ᠲᠤ ᠬᠦᠷᠲᠡᠭᠡᠨ᠎ᠡ᠃ | | | | | | |