ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ | ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠶᠠᠰᠤ | ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠭᠦᠢᠴᠡᠳᠬᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠥᠷᠭᠡᠨ | ᠤᠯᠠᠨ ᠬᠤᠳᠠ ᠶᠢᠨ ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠪᠠᠷ | ᠴᠢᠷᠮᠠᠶᠢᠨ᠎ᠠ᠃ | ᠨᠢᠭᠡ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠤᠰᠢᠶᠠᠬᠤ ᠶᠢ ᠴᠢᠩᠭᠠᠷᠠᠭᠤᠯᠵᠤ᠂ | ᠬᠦᠴᠢᠷᠳᠡᠯᠲᠡᠢ ᠬᠥᠮᠥᠰ ᠤᠨ ᠨᠡᠶᠢᠭᠡᠮ ᠤᠨ ᠪᠠᠲᠤᠯᠠᠭ᠎ᠠ ᠳᠤ ᠬᠦᠴᠦᠨ ᠨᠡᠮᠡᠷᠢᠯᠡᠨ᠎ᠡ | ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠳᠠᠭᠠᠳᠬᠠᠯ ᠢ ᠣᠷᠣᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠬᠦᠴᠢᠷᠳᠡᠯᠲᠡᠶ ᠬᠥᠮᠦᠰ ᠲᠤ ᠠᠵᠤ ᠠᠬᠤᠶ ᠶᠢᠨ ᠳᠡᠮᠵᠢᠯᠭᠡ ᠬᠠᠩᠭᠠᠵᠤ᠂ ᠲᠡᠳᠡᠨᠤᠰ ᠤᠨ | ᠦᠲᠡᠯᠦᠭᠡ ᠨᠠᠰᠦᠨ ᠤ ᠠᠮᠢᠳᠤᠷᠠᠯ ᠢ ᠪᠠᠲᠤᠯᠠᠨ᠎ᠠ᠃ 2024 ᠣᠨ ᠳᠤ ᠣᠷᠣᠯᠠᠨ ᠲᠤᠰᠢᠶᠠᠭᠰᠠᠨ ᠬᠥᠮᠦᠨ ᠤ ᠲᠤᠭ᠎ᠠ | 684 ᠪᠠᠶᠢᠵᠤ᠂ ᠨᠡᠶᠢᠲᠡ 11.84 ᠲᠦᠮᠡᠨ ᠲᠥᠭᠦᠷᠢᠭ ᠪᠠᠶᠢᠵᠤ᠂ ᠬᠦᠴᠢᠷᠳᠡᠯᠲᠡᠶ ᠣᠯᠠᠨ ᠲᠦᠮᠡᠨ ᠤ ᠠᠵᠤ | ᠠᠬᠤᠶ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠵᠤ᠂ | ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠢᠷᠡᠭᠡᠳᠦᠢ ᠳᠤ᠂ ᠴᠢᠩᠱᠠᠨ | ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ | ᠴᠢᠩᠭᠠᠳᠬᠠᠵᠤ᠂ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠠᠨ ᠲᠤᠰᠢᠶᠠᠬᠤ | ᠲᠦᠷᠦ ᠶᠢᠨ ᠪᠤᠳᠤᠯᠭ᠎ᠠ ᠶᠢ ᠪᠦᠬᠦᠨ ᠢ ᠪᠦᠷᠬᠦᠬᠦᠯᠬᠦ ᠶᠢ ᠪᠠᠲᠤᠯᠠᠵᠤ᠂ ᠬᠦᠴᠢᠷᠳᠡᠯᠲᠡᠢ ᠬᠥᠮᠦᠰ ᠤᠨ ᠳᠠᠭᠠᠳᠬᠠᠯ ᠠᠴᠠ | ᠭᠠᠷᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠦᠷᠭᠦᠯᠵᠢᠯᠡᠨ ᠠᠩᠬᠠᠷᠤᠨ ᠰᠢᠢᠳᠪᠦᠷᠢᠯᠡᠵᠦ᠂ | ᠨᠡᠶᠢᠭᠡᠮ ᠤᠨ ᠬᠥᠭᠵᠢᠯᠲᠡ ᠳᠤ ᠨᠡᠶᠢᠭᠡᠮ ᠤᠨ ᠪᠠᠲᠤᠯᠠᠪᠤᠷᠢ ᠶᠢᠨ ᠬᠦᠴᠦᠨ ᠢ ᠨᠡᠮᠡᠷᠢᠯᠡᠨ᠎ᠡ᠃ | ᠬᠤᠶᠠᠷ᠂ ᠭᠠᠷᠲᠠᠨ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠨᠡᠶᠢᠭᠡᠮ ᠤᠨ | ᠪᠠᠲᠤᠯᠠᠭ᠎ᠠ ᠶᠢᠨ ᠲᠥᠪ ᠬᠤᠳᠠᠯᠳᠤᠭ᠎ᠠ ᠡᠵᠡᠨᠡᠭᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | 2024 ᠣᠨ ᠳᠤ ︽ᠨᠡᠶᠢᠭᠡᠮ ᠤᠨ ᠪᠠᠲᠤᠯᠠᠭ᠎ᠠ ᠪᠠᠩᠬᠢ ᠬᠠᠮᠲᠤᠷᠠᠯᠴᠠᠬᠤ︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ | ᠡᠭᠦᠳᠴᠦ᠂ ︽ᠨᠡᠶᠢᠭᠡᠮ ᠤᠨ ᠪᠠᠲᠤᠯᠠᠭ᠎ᠠ ᠪᠠᠩᠬᠢ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠲᠣᠤᠷ ᠴᠡᠭ ᠢ | ᠨᠡᠭᠡᠭᠡᠵᠦ᠂ ᠪᠠᠩᠬᠢ ᠲᠠᠢ ᠬᠠᠮᠲᠤᠷᠠᠯᠴᠠᠵᠤ᠂ ᠪᠠᠩᠬᠢ ᠶᠢᠨ ᠡᠵᠡᠩᠨᠡᠯᠲᠡ ᠶᠢᠨ ᠲᠣᠤᠷ ᠴᠡᠭ ᠲᠤ ᠣᠯᠠᠨ ᠵᠦᠢᠯ ᠤᠨ | ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠰᠢᠢᠳᠪᠦᠷᠢᠯᠡᠵᠦ ᠪᠣᠯᠤᠨ᠎ᠠ᠂ ᠡᠨᠡ ᠬᠦ ᠠᠷᠭ᠎ᠠ ᠬᠡᠮᠵᠢᠶ᠎ᠡ ᠨᠢ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠬᠢᠭᠡᠳ ᠣᠯᠠᠨ ᠲᠦᠮᠡᠨ ᠤ | ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠨᠠᠩ ᠳᠥᠭᠦᠮ ᠳᠥᠲᠡ ᠪᠣᠯᠭᠠᠵᠤ᠂ ᠣᠯᠠᠨ ᠲᠦᠮᠡᠨ ᠢ | ᠳᠤᠲᠠᠭᠤ ᠭᠦᠶᠦᠯᠭᠡᠵᠦ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ︽ᠡᠴᠦᠰ ᠤᠨ | ᠨᠢᠭᠡ ᠺᠢᠯᠤᠮᠧᠲᠷ︾ ᠢ ᠨᠡᠪᠲᠡᠷᠡᠭᠦᠯᠦᠨ᠎ᠡ᠃ | ᠭᠤᠷᠪᠠ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠳᠠᠭᠠᠳᠬᠠᠯ ᠳᠤ ᠣᠷᠣᠯᠴᠠᠬᠤ ᠬᠠᠯᠠᠭᠤᠨ | ᠰᠡᠳᠬᠢᠯᠭᠡ ᠶᠢ ᠬᠦᠭᠵᠢᠭᠡᠨ᠎ᠡ | ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢ ᠳᠡᠭᠡᠭᠰᠢᠯᠡᠭᠦᠯᠬᠦ ᠶᠢᠨ ᠲᠥᠯᠥᠭᠡ᠂ ᠴᠢᠩᠱᠠᠨ | ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠤᠯᠠᠨ ᠶᠠᠩᠵᠤ ᠶᠢᠨ ᠤᠬᠠᠭᠤᠯᠭ᠎ᠠ ᠶᠢᠨ ᠠᠷᠭ᠎ᠠ | ᠬᠡᠯᠪᠡᠷᠢ ᠪᠠᠷ ᠬᠤᠳᠠᠯᠳᠤᠭᠠᠨ ᠤ ᠲᠣᠭᠤᠷᠢᠭ᠂ ᠵᠡᠭᠡᠯᠢ ᠪᠠᠯᠭᠠᠰᠤ᠂ ᠠᠵᠤ ᠠᠬᠤᠶᠢᠯᠠᠯ ᠳᠤ ᠭᠦᠨᠵᠡᠭᠡᠶᠢᠷᠡᠵᠦ᠂ | ︽ᠲᠣᠭᠲᠠᠭᠰᠠᠨ ᠬᠡᠯᠪᠡᠷᠢ︾ ᠶᠢᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ | ᠤᠯᠠᠨ ᠲᠦᠮᠡᠨ ᠶᠠᠭᠤ ᠶᠢ ᠮᠡᠳᠡᠬᠦ ᠭᠡᠪᠡᠯ ᠪᠢᠳᠡ ᠶᠠᠭᠤ ᠶᠢ ᠶᠠᠷᠢᠵᠤ᠂ ᠰᠦᠯᠵᠢᠶᠡᠨ ᠳᠡᠭᠡᠷ᠎ᠡ ᠪᠠᠰᠠ ᠲᠢᠭ᠋ ᠲᠤᠭ | ᠰᠢᠭᠤᠳ ᠨᠡᠪᠲᠡᠷᠡᠭᠦᠯᠭᠡ᠂ ︽ᠴᠢᠩᠱᠠᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ | ᠤᠯᠠᠨ ᠨᠡᠶᠢᠲᠡ ᠶᠢᠨ ᠳ᠋ᠤᠭᠠᠷ᠂ ᠸᠢᠳᠢᠣ᠋ ᠨᠣᠮᠧᠷ ᠵᠡᠷᠭᠡ ᠬᠡᠯᠪᠡᠷᠢ ᠶᠢ ᠠᠰᠢᠭᠯᠠᠵᠤ᠂ ᠣᠶᠢᠯᠠᠭᠠᠬᠤ ᠳᠤ ᠬᠦᠴᠢᠷᠲᠡᠢ | ᠲᠦᠷᠦ ᠶᠢᠨ ᠪᠤᠳᠤᠯᠭ᠎ᠠ ᠶᠢ ᠶᠠᠷᠢᠵᠤ᠂ ᠤᠯᠠᠨ ᠲᠦᠮᠡᠨ ᠳᠤ ᠲᠦᠷᠦ ᠶᠢᠨ ᠪᠤᠳᠤᠯᠭ᠎ᠠ ᠶᠢ ᠣᠶᠢᠯᠠᠭᠠᠭᠤᠯᠵᠤ᠂ | ᠣᠯᠭᠤᠮᠵᠢ ᠶᠢ ᠲᠣᠳᠣᠷᠬᠠᠢ ᠪᠤᠳᠤᠵᠤ ᠥᠭᠴᠡᠢ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ | ᠠᠵᠢᠯ ᠤᠨ ᠶᠠᠪᠤᠴᠠ ᠶᠢ ᠦᠷᠭᠦᠯᠵᠢᠯᠡᠨ ᠨᠠᠷᠢᠯᠢᠬᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ | ︽ᠨᠡᠶᠢᠭᠡᠮ ᠤᠨ ᠪᠠᠲᠤᠯᠠᠭ᠎ᠠ ᠪᠠᠩᠬᠢ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠲᠣᠣᠷ ᠴᠡᠭ ᠲᠤ ᠲᠦᠰᠢᠭᠯᠡᠵᠦ᠂ | ᠥᠷᠭᠡᠨ ᠤᠯᠠᠨ ᠬᠤᠳᠠ ᠶᠢᠨ ᠠᠷᠠᠳ ᠲᠤ ᠨᠡᠩ ᠴᠢᠨᠠᠷ ᠰᠠᠶᠢᠲᠠᠢ ᠥᠨᠳᠥᠷ ᠪᠦᠲᠦᠮᠵᠢᠲᠡᠢ ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠭᠡᠨ ᠤ ᠣᠶᠢᠯᠠᠭᠠᠯᠲᠠ ᠬᠠᠩᠭᠠᠵᠤ᠂ ᠴᠢᠩᠱᠠᠨ ᠲᠣᠭᠤᠷᠢᠭ ᠤᠨ ᠨᠡᠶᠢᠭᠡᠮ ᠤᠨ | ᠳᠠᠭᠠᠳᠬᠠᠯ ᠤᠨ ᠰᠢᠰᠲ᠋ᠧᠮ ᠤᠨ ᠲᠡᠭᠦᠯᠳᠡᠷᠵᠢᠯᠲᠡ ᠪᠠ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃ | | | | | | |