ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠴᠡᠷᠢᠭ ᠤᠨ ᠠᠵᠤ ᠦᠢᠯᠡᠳᠪᠦᠷᠢ ᠶᠢᠨ ᠬᠤᠩ ᠱᠧᠩ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠵᠢᠯ ᠦᠢᠯᠡᠰ ᠤᠨ ᠡᠳ᠋ ᠤᠨ ᠶᠠᠪᠤᠳᠠᠯ ᠢ ᠨᠢᠭᠡ ᠴᠣᠭᠴᠠᠵᠢᠭᠤᠯᠬᠤ ᠰᠢᠰᠲ᠋ᠧᠮ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/9
      ᠺᠣᠮᠫᠠᠨᠢ ᠶᠢᠨ ᠡᠳ᠋ ᠤᠨ ᠶᠠᠪᠤᠳᠠᠯ ᠤᠨ ᠲᠥᠰᠦᠪ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠠᠮᠵᠢᠯᠴᠠᠨ ᠠᠵᠢᠯᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶ ᠶᠢᠨ ᠦᠷ᠎ᠡ ᠠᠰᠢᠭ ᠢ ᠰᠢᠯᠢᠳᠡᠭᠵᠢᠭᠦᠯᠬᠦ ᠶᠢᠨ ᠲᠥᠯᠥᠭᠡ᠂ ᠺᠣᠮᠫᠠᠨᠢ ᠵᠢᠴᠢ ᠡᠯ᠎ᠡ ᠬᠤᠪᠢᠶᠠᠷᠢ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠪᠠ ᠡᠳ᠋ ᠤᠨ ᠶᠠᠪᠤᠳᠠᠯ ᠤᠨ ᠶᠠᠪᠤᠴᠠ ᠶᠢ ᠵᠠᠪᠰᠠᠷ ᠥᠬᠡᠶ ᠵᠣᠯᠭᠠᠭᠤᠯᠬᠤ ᠶᠢ ᠲᠦᠷᠭᠡᠳᠬᠡᠨ᠂ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠪᠠ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠪᠠ ᠭᠦᠨᠵᠡᠭᠡᠶ ᠠᠭᠤᠰᠤᠯᠴᠠᠭᠤᠯᠬᠤ ᠶᠢ ᠪᠡᠶᠡᠯᠡᠭᠦᠯᠬᠦ ᠶᠢᠨ ᠲᠦᠯᠦᠭᠡ᠂ 1 ᠰᠠᠷ᠎ᠠ ᠶᠢᠨ 7᠎ ᠤ ᠡᠳᠦᠷ᠂ ᠴᠢᠩᠱᠠᠨ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ —— ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠴᠡᠷᠢᠭ ᠤᠨ ᠠᠵᠤ ᠦᠢᠯᠡᠳᠪᠦᠷᠢ ᠶᠢᠨ ᠬᠤᠩ ᠱᠧᠩ ᠠᠳᠠᠯ ᠠᠬᠤᠶ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠵᠢᠯ ᠦᠢᠯᠡᠰ ᠤᠨ ᠡᠳ᠋ ᠤᠨ ᠵᠠᠰᠠᠭ ᠢ ᠨᠢᠭᠡ ᠴᠤᠭᠴᠠᠵᠢᠭᠤᠯᠬᠤ ᠰᠢᠰᠲ᠋ᠧᠮ ᠤᠨ ᠲᠤᠬᠠᠶ ᠶᠢᠨ ᠲᠠᠯᠠᠪᠤᠷ ᠤᠨ ᠠᠵᠢᠯᠯᠠᠭᠠᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠺᠣᠮᠫᠠᠨᠢ ᠶᠢᠨ ᠡᠯ᠎ᠡ ᠰᠠᠯᠠᠭ᠎ᠠ ᠮᠥᠴᠢᠷ᠂ ᠬᠤᠪᠢᠶᠠᠷᠢ ᠺᠣᠮᠫᠠᠨᠢ᠂ ᠡᠯ᠎ᠡ ᠲᠥᠷᠥᠯ ᠵᠦᠢᠯ ᠤᠨ 40 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃      ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠨᠢ ᠮᠡᠷᠭᠡᠵᠢᠯ ᠤᠨ ᠠᠵᠢᠯᠲᠠᠨ ᠠᠵᠢᠯᠯᠠᠭᠠᠨ ᠤ ᠦᠵᠡᠭᠦᠯᠦᠯᠭᠡ ᠵᠢᠴᠢ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠵᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠵᠦ᠂ ᠠᠵᠢᠯ ᠦᠢᠯᠡᠰ ᠤᠨ ᠡᠳ᠋ ᠤᠨ ᠶᠠᠪᠤᠳᠠᠯ ᠤᠨ ᠰᠢᠰᠲ᠋ᠧᠮ ᠤᠨ ᠴᠢᠳᠠᠮᠵᠢ ᠪᠠ ᠳᠠᠪᠠᠭᠤᠯᠢᠭ ᠢ ᠨᠠᠷᠢᠨ ᠲᠠᠨᠢᠯᠴᠠᠭᠤᠯᠵᠤ᠂ ᠡᠳ᠋ ᠤᠨ ᠶᠠᠪᠤᠳᠠᠯ ᠤᠨ ᠲᠠᠩᠰᠠ ᠲᠡᠮᠳᠡᠭᠯᠡᠬᠦ᠂ ᠲᠥᠷᠥᠯ ᠵᠦᠢᠯ ᠤᠨ ᠣᠷᠣᠯᠭ᠎ᠠ ᠵᠠᠷᠤᠯᠭ᠎ᠠ᠂ ᠬᠤᠳᠠᠯᠳᠤᠨ ᠠᠪᠬᠤ ᠴᠤᠪᠤᠷᠠᠯ᠂ ᠲᠣᠭᠲᠠᠮᠠᠯ ᠡᠳ᠋ ᠬᠥᠷᠥᠩᠭᠡ᠂ ᠰᠡᠯᠪᠢᠨ ᠵᠠᠰᠠᠬᠤ ᠶᠢ ᠮᠡᠳᠡᠭᠦᠯᠦᠨ ᠵᠥᠪᠰᠢᠶᠡᠷᠡᠭᠦᠯᠬᠦ᠂ ᠠᠵᠢᠯ ᠦᠢᠯᠡᠰ ᠤᠨ ᠡᠳ᠋ ᠤᠨ ᠶᠠᠪᠤᠳᠠᠯ ᠤᠨ ᠲᠠᠩᠰᠠ ᠬᠠᠷᠭᠤᠭᠤᠯᠬᠤ ᠵᠡᠷᠭᠡ ᠬᠡᠰᠡᠭ ᠲᠤ ᠴᠢᠭᠯᠡᠭᠦᠯᠦᠨ ᠨᠢᠭᠡᠳ ᠨᠢᠭᠡ ᠪᠠᠷ ᠲᠠᠶᠢᠯᠤᠮᠵᠢ ᠪᠠ ᠪᠣᠳᠠᠲᠠᠶ ᠠᠵᠢᠯᠯᠠᠭᠠᠨ ᠤ ᠦᠵᠡᠭᠦᠯᠦᠯᠭᠡ ᠬᠢᠵᠦ᠂ ᠪᠣᠯᠪᠠᠰᠤᠷᠠᠯ ᠳᠤ ᠣᠷᠣᠯᠴᠠᠭᠰᠠᠳ ᠨᠢᠭᠡᠪᠦᠷᠢ ᠴᠥᠮ ᠰᠢᠭᠤᠳ ᠣᠶᠢᠯᠠᠭᠠᠬᠤ ᠰᠢᠰᠲ᠋ᠧᠮ ᠤᠨ ᠳᠥᠭᠦᠮ ᠳᠥᠲᠡ ᠪᠠ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ᠃ ᠪᠣᠯᠪᠠᠰᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠠᠰᠠᠭᠤᠯᠲᠠ ᠶᠢᠨ ᠡᠮᠦᠨ᠎ᠡ᠂ ᠮᠡᠷᠭᠡᠵᠢᠯᠲᠡᠨ ᠠᠴᠠ ᠢᠳᠡᠪᠬᠢᠲᠡᠢ ᠬᠠᠷᠢᠭᠤᠯᠲᠠ ᠥᠭᠴᠦ᠂ ᠬᠦᠯᠢᠴᠡᠩᠭᠦᠢ ᠪᠠᠷ ᠬᠠᠷᠢᠭᠤᠯᠲᠠ ᠥᠭᠪᠡ᠃ ᠪᠣᠯᠪᠠᠰᠤᠷᠠᠯ ᠨᠢ ᠰᠠᠶᠢᠨ ᠦᠷ᠎ᠡ ᠪᠦᠲᠦᠮᠵᠢ ᠣᠯᠵᠤ᠂ ᠺᠣᠮᠫᠠᠨᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠡᠰ ᠳᠡᠪᠰᠢᠬᠦ ᠳᠤ ᠦᠨᠡᠨᠬᠦ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠡᠳ᠋ ᠤᠨ ᠶᠠᠪᠤᠳᠠᠯ ᠤᠨ ᠶᠠᠮᠤᠨ ᠡᠨᠡ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠪᠣᠯᠪᠠᠰᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠠᠵᠢᠯ ᠦᠢᠯᠡᠰ ᠤᠨ ᠡᠳ᠋ ᠤᠨ ᠵᠠᠰᠠᠭ ᠤᠨ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠦᠨ ᠰᠠᠶᠢᠵᠢᠷᠠᠭᠤᠯᠵᠤ᠂ ᠲᠠᠪᠴᠠᠩ ᠤᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠺᠣᠮᠫᠠᠨᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠬᠢᠴᠠ ᠶᠢ ᠯᠠᠪᠳᠠᠭᠤᠨ ᠢᠶᠠᠷ ᠠᠬᠢᠭᠤᠯᠵᠤ᠂ ᠺᠣᠮᠫᠠᠨᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠣᠭᠲᠠᠭᠤᠨ ᠠᠯᠬᠤᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠺᠣᠮᠫᠠᠨᠢ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠺᠣᠮᠫᠠᠨᠢ ᠶᠢᠨ ᠴᠢᠨᠠᠷ ᠰᠠᠶᠢᠲᠠᠢ᠂ ᠦᠷᠭᠦᠯᠵᠢᠯᠡᠬᠦ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号