ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠭᠤᠴᠢᠨ ᠵᠢᠯ ᠤᠨ ᠡᠴᠦᠰ ᠰᠢᠨ᠎ᠡ ᠵᠢᠯ ᠤᠨ ᠡᠬᠢᠨ ᠵᠢᠴᠢ ᠡᠨᠡ ᠡᠪᠦᠯ ᠢᠷᠡᠬᠦ ᠬᠠᠪᠤᠷ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/1/9
      ᠬᠤᠲᠠ᠂ ᠲᠣᠭᠤᠷᠢᠭ ᠤᠨ ᠡᠯ᠎ᠡ ᠱᠠᠲᠤᠨ ᠤ ᠵᠢᠯ ᠤᠨ ᠰᠡᠭᠦᠯᠴᠢ᠂ ᠡᠨᠡ ᠡᠪᠦᠯ ᠢᠷᠡᠬᠦ ᠬᠠᠪᠤᠷ ᠤᠨ ᠠᠶᠦᠯᠭᠦᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 1 ᠰᠠᠷ᠎ᠠ ᠶᠢᠨ 3᠎ ᠤ ᠡᠳᠦᠷ ᠠᠴᠠ 8᠎ ᠤ ᠡᠳᠦᠷ ᠪᠣᠯᠲᠠᠯ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠤᠳᠤᠷᠢᠳᠤᠯᠭ᠎ᠠ ᠳᠠᠭᠠᠭᠤᠯᠤᠭᠰᠠᠨ 4 ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠰᠤᠷᠭᠠᠭᠤᠯᠢ ᠡᠷᠭᠢᠯᠡᠬᠦ ᠨᠢᠭᠡᠴᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠶᠡᠭᠡ ᠵᠢᠭᠰᠠᠭᠠᠨ ᠪᠠᠶᠢᠴᠠᠭᠠᠯᠲᠠ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠨᠢ ᠭᠤᠤᠯᠳᠠᠭᠤ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ︽ᠠᠷᠠᠳ ᠤᠨ ᠠᠭᠠᠷ ᠤᠨ ᠰᠡᠷᠭᠡᠶᠢᠯᠡᠯᠲᠡ︾᠂ ︽ᠪᠣᠳᠠᠰ ᠤᠨ ᠰᠡᠷᠭᠡᠶᠢᠯᠡᠯᠲᠡ︾᠂ ︽ᠮᠡᠷᠭᠡᠵᠢᠯ ᠤᠨ ᠰᠡᠷᠭᠡᠶᠢᠯᠡᠯᠲᠡ︾᠎ ᠶᠢᠨ ᠪᠠᠶᠢᠭᠤᠯᠤᠯᠲᠠ᠂ ︽ᠲᠣᠣᠷᠵᠢᠭᠤᠯᠤᠯᠲᠠ︾᠎ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠲᠠᠯ᠎ᠠ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ᠂ ᠠᠮᠤᠷ ᠢ ᠬᠠᠮᠠᠭᠠᠯᠠᠬᠤ ᠲᠠᠰᠤᠭ᠂ ᠴᠠᠬᠢᠯᠭᠠᠨ ᠲᠦᠭᠡᠭᠡᠬᠦ ᠲᠠᠰᠤᠭ᠂ ᠵᠢᠭᠠᠨ ᠰᠤᠷᠭᠠᠬᠤ ᠠᠰᠠᠷ᠂ ᠪᠠᠶᠢᠷᠢ ᠶᠢᠨ ᠠᠰᠠᠷ ᠵᠢᠴᠢ ᠲᠤᠷᠰᠢᠯᠲᠠ ᠶᠢᠨ ᠲᠠᠰᠤᠭ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢᠨ ᠠᠮᠤᠷ ᠲᠦᠪᠰᠢᠨ ᠤ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠦᠲᠦᠮᠵᠢᠲᠦ ᠴᠢᠨᠠᠷ᠂ ᠪᠠᠴᠢᠮ ᠲᠠᠷᠬᠠᠭᠠᠬᠤ ᠵᠠᠮ ᠤᠨ ᠰᠠᠭᠠᠳ ᠦᠭᠡᠶ ᠴᠢᠨᠠᠷ᠂ ᠬᠢᠨᠠᠨ ᠡᠵᠡᠮᠳᠡᠬᠦ ᠰᠢᠰᠲ᠋ᠧᠮ ᠤᠨ ᠬᠠᠮᠤᠷᠬᠤ ᠬᠡᠪᠴᠢᠶ᠎ᠡ ᠵᠢᠴᠢ ᠳᠣᠷᠣᠮᠵᠢᠯᠠᠯ ᠢ ᠰᠡᠷᠭᠡᠶᠢᠯᠡᠬᠦ ᠠᠵᠢᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠨᠢᠮᠪᠠᠶ ᠪᠠᠶᠢᠴᠠᠭᠠᠨ ᠦᠵᠡᠪᠡ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠡᠳᠦᠷ ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠲᠡᠮᠳᠡᠭᠯᠡᠯ ᠵᠡᠷᠭᠡ ᠪᠠᠶᠢᠩᠭᠤ ᠶᠢᠨ ᠴᠢᠨᠠᠷ᠂ ᠵᠠᠩᠭᠢᠯᠠᠭ᠎ᠠ ᠶᠢᠨ ᠴᠢᠨᠠᠷᠲᠠᠶ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠳᠠᠯᠳᠠ ᠬᠡᠮ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃      ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠰᠤᠷᠭᠠᠭᠤᠯᠢ ᠡᠷᠭᠢᠯᠡᠬᠦ ᠨᠢᠭᠡᠴᠢ ᠶᠢᠨ ᠵᠢᠯ ᠤᠨ ᠡᠴᠦᠰ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠰᠠᠶᠢᠨ ᠠᠷᠭ᠎ᠠ ᠬᠢᠳᠡᠯ ᠢ ᠭᠦᠢᠴᠡᠳ ᠨᠤᠲᠠᠯᠠᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠱᠧᠩ ᠴᠢᠶᠠᠩ᠂ ᠨᠢᠭᠡ ᠳᠤ᠂ ᠡᠯ᠎ᠡ ᠰᠤᠷᠭᠠᠭᠤᠯᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠷ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠣᠯᠤᠨ ᠬᠠᠮᠢᠶᠠᠷᠤᠯᠲᠠ ᠪᠠᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠪᠣᠳᠠᠲᠠᠶ ᠪᠥᠭᠡᠳ ᠨᠠᠷᠢᠯᠢᠭ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠶ᠃ ᠭᠤᠷᠪᠠ ᠳᠤ᠂ ᠵᠢᠯ ᠤᠨ ᠰᠡᠭᠦᠯᠴᠢ ᠰᠢᠨ᠎ᠡ ᠵᠢᠯ ᠤᠨ ᠡᠬᠢᠨ ᠤ ᠰᠤᠷᠭᠠᠭᠤᠯᠢ ᠶᠢᠨ ᠠᠵᠢᠯ ᠶᠠᠭᠠᠷᠠᠤ ᠪᠥᠭᠡᠳ ᠴᠠᠭ ᠠᠭᠤᠷ ᠤᠨ ᠨᠥᠯᠥᠭᠡᠯᠡᠯ ᠢ ᠨᠡᠮᠡᠪᠡᠯ᠂ ᠠᠳᠡᠯ ᠤᠨ ᠬᠦᠴᠦᠨ ᠵᠦᠢᠯ ᠨᠡᠮᠡᠭᠳᠡᠵᠦ ᠪᠠᠶᠢᠨ᠎ᠠ᠂ ᠡᠷᠬᠡᠪᠰᠢ ᠬᠤᠶᠢᠷᠭᠤᠰᠢᠬᠤ ᠪᠠ ᠠᠵᠠ ᠬᠠᠷᠠᠬᠤ ᠪᠤᠳᠤᠯ ᠢ ᠢᠯᠠᠨ ᠳᠠᠪᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠶᠤᠯ ᠲᠦᠭᠰᠢᠭᠦᠷᠢ ᠶᠢᠨ ᠴᠡᠭ ᠢ ᠰᠤᠳᠤᠯᠤᠨ ᠮᠠᠭᠠᠳᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠲᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠪᠠ᠃ ᠬᠤᠶᠢᠰᠢᠳᠠ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠠᠮᠤᠷ ᠲᠦᠪᠰᠢᠨ ᠤ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠵᠤ᠂ ︽ᠰᠢᠯᠢᠳᠡᠭ  ᠰᠤᠷᠤᠬᠤᠢ ᠴᠢᠩᠱᠠᠨ ᠎ ᠳᠤ ᠪᠤᠢ︾ ᠭᠡᠬᠦ ᠰᠤᠷᠭᠠᠨ ᠬᠥᠮᠦᠵᠢᠯ ᠤᠨ ᠲᠦᠷᠦᠯ ᠲᠡᠮᠳᠡᠭ ᠢ ᠦᠷᠭᠦᠯᠵᠢᠯᠡᠨ ᠭᠢᠯᠠᠯᠵᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠤᠨ ᠵᠠᠪᠠᠯ ᠬᠠᠷᠢᠭᠤᠯᠬᠤ ᠰᠡᠳᠦᠪ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠷᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号