ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠨᠡᠶᠢᠭᠡᠮ ᠤᠨ ᠬᠡᠷᠡᠭ ᠶᠠᠪᠤᠳᠠᠯ ᠤᠨ ᠬᠦᠷᠢᠶᠡᠨ ᠳᠠᠬᠢ ᠡᠯ᠎ᠡ ᠵᠦᠢᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠪᠠᠲᠤᠯᠠᠭ᠎ᠠ ᠪᠤᠲᠠᠲᠠᠶᠢᠵᠢᠭᠤᠯᠪᠠ
ᠨᠡᠶᠢᠲᠡᠯᠡᠭᠰᠡᠨ ᠴᠠᠭ᠄
2025/1/9
      ᠣᠶᠢᠷ᠎ᠠ ᠳᠤ᠂ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠨᠢᠭᠡᠨᠲᠡ 2025 ᠣᠨ ᠤ 1 — 2 ᠳ᠋ᠤᠭᠠᠷ ᠰᠠᠷ᠎ᠠ ᠶᠢᠨ ᠡᠯ᠎ᠡ ᠵᠦᠢᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢᠨ ᠵᠣᠭᠤᠰ ᠭᠤᠶᠤᠴᠢᠯᠠᠬᠤ ᠠᠵᠢᠯ ᠢ ᠪᠡᠶᠡᠯᠡᠭᠦᠯᠵᠦ᠂ ᠮᠠᠨ ᠤ ᠲᠤᠭᠤᠷᠢᠭ ᠤᠨ ᠵᠡᠮᠳᠡᠭᠴᠦᠳ ᠤᠨ ᠬᠤᠶᠠᠷ ᠢ ᠨᠥᠬᠦᠪᠥᠷᠢᠯᠡᠬᠦ 4100 ᠬᠥᠮᠦᠨ ᠳᠤ 102.5 ᠲᠦᠮᠡᠨ ᠲᠥᠭᠦᠷᠢᠭ ᠣᠯᠭᠤᠪᠠ︔ ᠳᠤᠤᠷ᠎ᠠ ᠤᠷᠤᠯᠭ᠎ᠠ ᠲᠠᠢ ᠭᠡᠷ ᠪᠦᠯᠢ᠂ ᠵᠡᠮᠳᠡᠭᠴᠦᠳ ᠪᠠ ᠨᠠᠰᠦᠲᠠᠶᠢᠴᠤᠳ 16 ᠬᠥᠮᠦᠨ᠂ 4.49 ᠲᠦᠮᠡᠨ ᠲᠥᠭᠦᠷᠢᠭ︔ ᠠᠵᠢᠯ ᠠᠴᠠ ᠪᠠᠨ ᠵᠤᠭᠰᠤᠭᠰᠠᠨ 1 ᠬᠥᠮᠦᠨ᠂ 1764 ᠲᠥᠭᠦᠷᠢᠭ᠂ ᠨᠡᠶᠢᠲᠡ 107.16 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ ᠨᠡᠶᠢᠭᠡᠮ ᠤᠨ ᠬᠡᠷᠡᠭ ᠶᠠᠪᠤᠳᠠᠯ ᠤᠨ ᠬᠦᠷᠢᠶᠡᠨ ᠳᠠᠬᠢ ᠦᠢᠯᠡᠴᠢᠯᠡᠬᠦ ᠡᠲᠡᠭᠡᠳ ᠤᠨ ᠰᠠᠨᠠᠭ᠎ᠠ ᠠᠮᠤᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ 2025 ᠣᠨ ᠳᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠬᠡᠷᠡᠭ ᠶᠠᠪᠤᠳᠠᠯ ᠤᠨ ᠬᠦᠷᠢᠶ᠎ᠡ ᠴᠠᠷᠠᠭ᠎ᠠ ᠳᠤ ᠪᠠᠰᠠ ︽ᠠᠷᠠᠳ ᠤᠨ ᠶᠠᠪᠤᠳᠠᠯ ᠠᠷᠠᠳ ᠤᠨ ᠲᠥᠯᠥᠭᠡ︾ ᠠᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠦᠷᠭᠦᠯᠵᠢᠯᠡᠨ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠨᠡᠶᠢᠭᠡᠮ ᠤᠨ ᠬᠡᠷᠡᠭ ᠶᠠᠪᠤᠳᠠᠯ ᠤᠨ ᠬᠦᠷᠢᠶᠡᠨ ᠳᠠᠬᠢ ᠦᠢᠯᠡᠴᠢᠯᠡᠭᠡᠨ ᠤ ᠡᠷᠴᠢᠮ ᠪᠠ ᠥᠷᠭᠡᠴᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠩᠱᠠᠨ ᠲᠣᠭᠤᠷᠢᠭ ᠤᠨ ᠪᠦᠬᠦᠯᠢ ᠴᠣᠭᠴᠠ ᠶᠢᠨ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠤ ︽ᠪᠠᠲᠤᠯᠠᠭ᠎ᠠ︾ ᠬᠠᠩᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号