ᠴᠢᠩᠱᠠᠨ ᠲᠣᠭᠤᠷᠢᠭ 2025 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠨᠢᠭᠡᠳᠦᠭᠡᠷ ᠤᠯᠠᠷᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/10
      2 ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠨᠠ 2025 ᠣᠨ ᠤ ᠴᠢᠩᠱᠠᠨ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠨᠢᠭᠡᠳᠦᠭᠡᠷ ᠤᠯᠠᠷᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠪᠥᠬᠦ ᠬᠤᠲᠠ ᠪᠠ ᠪᠥᠬᠦ ᠲᠤᠭᠤᠷᠢᠭ ᠤᠨ ︽ᠬᠤᠶᠠᠷ ᠢ ᠤᠷᠢᠵᠦ ᠬᠤᠶᠠᠷ ᠢ ᠡᠯᠰᠡᠬᠦ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2025 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠪᠦᠬᠦ ᠺᠠᠳ᠋ᠷ ᠠᠵᠢᠯᠳᠠᠨ ᠵᠢᠴᠢ ᠴᠢᠩᠱᠠᠨ ᠲᠣᠭᠤᠷᠢᠭ ᠤᠨ 10 ᠵᠡᠭᠡᠯᠢ ᠪᠠᠯᠭᠠᠰᠤᠨ ᠤ ᠤᠬᠠᠭᠤᠯᠬᠤ ᠭᠡᠰᠢᠭᠦᠨ ᠬᠤᠷᠠᠯ ᠳᠤ ᠣᠷᠣᠯᠴᠠᠪᠠ᠃      ᠬᠤᠷᠠᠯ ᠠᠴᠠ᠂ ︽ᠰᠢᠨ᠎ᠡ ᠵᠢᠯ ᠤᠨ ᠵᠠᠭᠪᠤᠷ︾᠎ ᠠᠴᠠ ︽ᠠᠵᠢᠯ ᠤᠨ ᠵᠠᠭᠪᠤᠷ︾ ᠬᠦᠷᠲᠡᠯ᠎ᠡ ᠲᠦᠷᠭᠡᠨ ᠲᠤᠬᠢᠷᠠᠭᠤᠯᠵᠤ᠂ ᠡᠬᠢᠯᠡᠯᠲᠡ ᠨᠢ ᠰᠢᠢᠳᠪᠦᠷᠢᠲᠦ ᠳᠠᠶᠢᠯᠠᠯᠳᠤᠭᠠᠨ᠂ ᠡᠬᠢᠯᠡᠬᠦ ᠳᠤ ᠪᠠᠨ ᠰᠢᠪᠲᠤᠯᠤᠯᠲᠠ ᠬᠢᠬᠦ ᠡᠷᠡᠰ ᠵᠣᠷᠢᠭ ᠪᠣᠯᠬᠤ ᠪᠠᠷ ᠪᠠᠷᠠᠬᠤ ᠦᠭᠡᠢ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠲᠡᠭᠦᠰᠬᠦ ᠵᠢᠯ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠪᠠᠷ ᠦᠢᠯᠡᠳᠦᠯᠭᠡᠵᠢᠭᠦᠯᠵᠦ᠂ ᠳᠡᠭᠡᠷ᠎ᠡ ᠭᠤᠷᠪᠠᠨ ᠱᠠᠲᠤᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠨ ᠬᠠᠮᠵᠢᠯᠴᠠᠬᠤ᠂ ᠵᠣᠷᠢᠭᠲᠠᠢ ᠪᠠᠷ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠪᠣᠯᠤᠨ ᠨᠡᠩ ᠥᠨᠳᠥᠷ ᠪᠦᠲᠦᠮᠵᠢᠲᠡᠢ ᠬᠡᠷᠡᠭᠵᠢᠭᠦᠯᠬᠦ ᠬᠦᠴᠦᠨ ᠢᠶᠠᠷ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃      ᠬᠤᠷᠠᠯ ᠠᠴᠠ᠂ ︽ᠬᠡᠪ ᠤᠨ ᠬᠡᠪ ᠪᠠᠶᠢᠳᠠᠯ︾᠎ ᠢ ᠪᠠᠷᠢᠮᠲᠠᠯᠠᠬᠤ ᠠᠴᠠ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠪᠤᠯᠭᠠᠨ ᠰᠢᠯᠢᠳᠡᠭᠵᠢᠭᠦᠯᠦᠨ ᠲᠤᠬᠢᠷᠠᠭᠤᠯᠵᠦ᠂ ᠰᠢᠰᠲ᠋ᠧᠮᠲᠦ ᠰᠡᠳᠬᠢᠬᠦᠢ ᠪᠠᠷ ᠠᠵᠢᠯ ᠢᠶᠠᠨ ᠲᠥᠯᠥᠪᠵᠢᠭᠦᠯᠵᠦ᠂ ᠰᠢᠨ᠎ᠡ ᠶᠢ ᠡᠭᠦᠳᠬᠦ ᠰᠡᠳᠬᠢᠴᠡ ᠪᠠᠷ ᠡᠭᠦᠷᠭᠡ ᠪᠠᠨ ᠠᠬᠢᠭᠤᠯᠵᠤ᠂ ᠪᠦᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ︽ᠲᠠᠪᠤ ᠶᠢ ᠬᠦᠴᠦᠯᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠳᠠᠮᠵᠢᠭᠤᠯᠭ᠎ᠠ ᠶᠢ ᠭᠦᠨᠵᠡᠭᠡᠶᠢᠷᠡᠭᠦᠯᠵᠦ᠂ ᠤᠨᠤᠯ ᠢᠶᠠᠷ ᠵᠡᠪᠰᠡᠭᠯᠡᠬᠦ ᠲᠦᠷᠦᠯ ᠲᠡᠮᠳᠡᠭ ᠢ ᠡᠭᠦᠳᠬᠦ ᠬᠡᠷᠡᠭᠲᠡᠢ︔ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢᠭᠦᠢ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ︔ ︽ᠴᠢᠩᠱᠠᠨ ᠶᠢ ᠠᠭᠤᠰᠤᠯᠴᠠᠭᠤᠯᠬᠤ︾ ᠲᠦᠷᠦᠯ ᠲᠡᠮᠳᠡᠭ ᠢ ᠭᠡᠷᠡᠯᠳᠦᠬᠦᠯᠵᠦ᠂ ᠭᠤᠣᠯ ᠶᠠᠷᠢᠶ᠎ᠠ ᠬᠡᠯᠡᠯᠴᠡᠭᠡᠨ ᠤ ︽ᠬᠦᠳᠦᠯᠦᠨ ᠵᠢᠯᠣᠭᠤᠳᠬᠤ ᠬᠦᠴᠦᠨ︾᠎ ᠢ ᠴᠢᠩᠭᠠᠳᠬᠠᠬᠤ ᠬᠡᠷᠡᠭᠲᠡᠢ︔ ᠴᠠᠭ ᠦᠶ᠎ᠡ ᠶᠢᠨ ᠱᠠᠭᠠᠷᠳᠠᠯᠭ᠎ᠠ ᠳᠤ ᠲᠤᠭᠤᠰᠢᠯᠠᠭᠤᠯᠵᠤ᠂ ᠬᠤᠳᠠ ᠶᠢᠨ ᠪᠣᠯᠪᠠᠰᠤᠨ ᠤ ᠬᠡᠮᠵᠢᠶ᠎ᠡ ᠪᠣᠯᠤᠨ ᠰᠠᠭᠤᠭᠠᠯᠢ ᠠᠷᠠᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ︽ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠰᠣᠶᠣᠯ ᠤᠨ ᠥᠨᠳᠦᠷᠯᠢᠭ ᠢ ᠴᠣᠭᠴᠠᠯᠠᠬᠤ ᠪᠡᠯᠭᠡ ᠲᠡᠮᠳᠡᠭ ᠤᠨ ᠴᠢᠨᠠᠷᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ︽ᠰᠤᠷᠲᠠᠯ ᠢᠶᠠᠨ ᠰᠠᠶᠢᠵᠢᠷᠠᠭᠤᠯᠬᠤ︾᠎ ᠶᠢ ︽ᠦᠨᠳᠦᠰᠦᠨ ᠱᠠᠲᠤᠨ ᠤ ᠰᠢᠨ᠎ᠡ ᠶᠢ ᠡᠭᠦᠳᠬᠦ︾᠎ ᠳᠤ ᠴᠢᠷᠮᠠᠶᠢᠨ ᠠᠭᠤᠰᠤᠯᠴᠠᠭᠤᠯᠵᠤ᠂ ᠪᠦᠬᠦ ᠰᠢᠰᠲ᠋ᠧᠮ ᠤᠨ ᠠᠵᠢᠯ ᠤᠨ ᠰᠢᠨ᠎ᠡ ᠶᠢ ᠡᠭᠦᠳᠬᠦ ᠴᠢᠨᠠᠷ᠂ ᠲᠤᠬᠠᠶᠢᠯᠠᠭᠰᠠᠨ ᠠᠵᠢᠯ ᠤᠨ ᠨᠥᠯᠥᠭᠡᠯᠡᠬᠦ ᠬᠦᠴᠦᠨ᠂ ᠬᠦᠷᠢᠶᠡᠨ ᠤ ᠦᠵᠡᠬᠦᠯᠦᠯᠭᠡ ᠶᠢᠨ ᠬᠡᠮᠵᠢᠶ᠎ᠡ ᠪᠣᠯᠤᠨ ᠥᠪᠡᠰᠦᠪᠡᠨ ᠰᠣᠩᠭᠤᠬᠤ ᠠᠵᠢᠯᠯᠠᠭ᠎ᠠ ᠶᠢᠨ ᠬᠤᠪᠢ ᠨᠡᠮᠡᠬᠦ ᠵᠦᠢᠯ ᠢ ᠴᠢᠩᠭᠠᠳᠬᠠᠬᠤ ᠬᠡᠷᠡᠭᠲᠡᠢ᠃ ᠲᠦᠷᠦᠯ ᠵᠦᠢᠯᠴᠢᠯᠡᠭᠰᠡᠨ ᠬᠠᠮᠢᠶᠠᠷᠤᠯᠲᠠ ᠶᠢᠨ ︽ᠨᠢᠭᠡ ᠶᠠᠪᠤᠳᠠᠯ ᠨᠢᠭᠡ ᠵᠢᠱᠢᠶ᠎ᠡ ᠦᠵᠡᠭᠦᠯᠬᠦ︾᠎ ᠪᠠᠷ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠦᠩᠭᠡᠨ ᠲᠠᠯ᠎ᠠ ᠠᠴᠠ ᠰᠤᠷᠤᠯᠴᠠᠬᠤ︾ ᠥᠷᠢᠰᠥᠯᠳᠦᠭᠡᠨ ᠤ ᠮᠠᠶ᠋ᠢᠭ ᠤᠨ ᠬᠥᠭᠵᠢᠯᠲᠡ ᠶᠢ ᠪᠠᠷᠢᠮᠲᠠᠯᠠᠵᠤ᠂ ︽ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ︾ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠪᠠᠶᠢᠩᠭᠤᠵᠢᠭᠤᠯᠤᠭᠰᠠᠨ ᠪᠣᠯᠪᠠᠰᠤᠷᠠᠯ ᠢᠶᠠᠷ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠤᠬᠠᠭᠤᠯᠭ᠎ᠠ ᠶᠢᠨ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠤᠨ᠎ᠠ︔ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠬᠠᠮᠵᠢᠯᠴᠠᠭ᠎ᠠ ᠪᠠᠨ ᠴᠢᠩᠭᠠᠳᠬᠠᠬᠤ ᠶᠢ ᠪᠠᠷᠢᠮᠲᠠᠯᠠᠵᠤ᠂ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠠᠭ ᠪᠢᠳᠡᠨ ᠢ ᠬᠦᠯᠢᠶᠡᠬᠦ ᠦᠭᠡᠢ ᠬᠠᠷᠢᠭᠤᠴᠠᠯᠭ᠎ᠠ ᠶᠢᠨ ᠤᠬᠠᠮᠰᠠᠷ ᠢᠶᠠᠷ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠨᠡ ᠵᠢᠯ ᠤᠨ ︽ᠰᠢᠳᠠᠮ ᠨᠢᠭᠡᠪᠦᠷᠢ︾᠎ ᠶᠢ ᠴᠢᠷᠮᠠᠶᠢᠨ ᠰᠠᠶᠢᠲᠤᠷ ᠭᠦᠶᠦᠯᠭᠡᠵᠦ᠂ ᠴᠥᠬᠦᠷᠡᠰᠢ ᠦᠭᠡᠢ ᠲᠡᠮᠡᠴᠡᠭᠰᠡᠨ ᠤᠯᠠ ᠮᠥᠷ ᠢᠶᠠᠨ ︽ᠲᠤᠯᠤᠭᠠᠨ ᠰᠢᠨ᠎ᠡ ᠴᠢᠩᠱᠠᠨ ᠤ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ︾ ᠠᠶᠠᠨ ᠵᠠᠮ ᠳᠤ ᠰᠡᠶᠢᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号