ᠴᠢᠩᠱᠠᠨ ᠲᠣᠭᠤᠷᠢᠭ 2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/10
      2 ᠰᠠᠷ᠎ᠠ ᠶᠢᠨ 7 ᠤ ᠡᠳᠦᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠵᠦ 2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠠᠵᠢᠯᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠯ᠎ᠡ ᠵᠡᠭᠡᠯᠢ ᠪᠠᠯᠭᠠᠰᠤ᠂ ᠡᠯ᠎ᠡ ᠬᠠᠮᠢᠶ᠎ᠠ ᠪᠦᠬᠦᠢ ᠨᠢᠭᠡᠴᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠠᠴᠠ᠂ ᠨᠢᠭᠡ ᠳᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠪᠣᠳᠠᠲᠠᠶᠢᠵᠢᠭᠤᠯᠬᠤ ᠬᠡᠷᠡᠭᠲᠡᠢ᠃ ᠲᠣᠭᠯᠠᠭᠴᠢᠳ ᠤᠨ 14 ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠤᠨ ᠲᠣᠬᠢᠷᠠᠭᠤᠯᠵᠤ᠂ ᠦᠵᠡᠭᠦᠯᠦᠯᠭᠡ ᠶᠢᠨ ᠲᠣᠭᠯᠠᠯᠲᠠ ᠶᠢᠨ ᠵᠠᠯᠭᠠᠯᠳᠤᠭᠠᠪᠠᠷ ᠤᠷᠤᠭᠰᠢᠲᠠᠶ᠂ ᠲᠠᠯᠠᠪᠤᠷ ᠲᠤ ᠣᠷᠣᠬᠤ ᠪᠠ ᠲᠠᠯᠠᠪᠤᠷ ᠠᠴᠠ ᠭᠠᠷᠬᠤ ᠲᠣᠪᠴᠢ ᠠᠪᠰᠠᠷᠬᠠᠨ ᠥᠨᠳᠥᠷ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠲᠣᠭᠯᠠᠯᠲᠠ ᠳᠤ ᠣᠷᠣᠯᠴᠠᠭᠰᠠᠨ ᠨᠢᠭᠡᠴᠢ ᠨᠦᠭᠦᠳ ᠲᠣᠭᠯᠠᠯᠲᠠ ᠶᠢᠨ ᠡᠩᠨᠡᠭᠡ ᠵᠢᠴᠢ ᠲᠣᠭᠯᠠᠭᠴᠢᠳ ᠤᠨ ᠠᠮᠤᠷ ᠲᠦᠪᠰᠢᠨ ᠢ ᠪᠠᠲᠤᠯᠠᠵᠤ᠂ ᠨᠠᠰᠤᠲᠠᠶᠢᠴᠤᠳ ᠤᠨ ᠬᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠬᠤ ᠵᠢᠴᠢ ᠭᠤᠤ ᠴᠢᠶᠤᠦ ᠵᠡᠷᠭᠡ ᠬᠦᠳᠡᠯᠭᠡᠭᠡᠨ ᠤ ᠲᠥᠷᠥᠯ ᠵᠦᠢᠯ ᠤᠨ ᠠᠮᠤᠷ ᠲᠦᠪᠰᠢᠨ ᠢ ᠰᠠᠶᠢᠲᠤᠷ ᠡᠵᠡᠮᠳᠡᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠠᠤᠯᠢ ᠬᠡᠷᠡᠭᠵᠢᠭᠦᠯᠬᠦ᠂ ᠵᠠᠬᠢᠳᠠᠯ ᠰᠤᠷᠪᠤᠯᠵᠢᠯᠠᠭ᠎ᠠ᠂ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠤᠳ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠥᠮᠦᠰ ᠢ ᠲᠠᠷᠬᠠᠭᠠᠬᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠤᠲᠠ ᠶᠢᠨ ᠠᠷᠠᠳ ᠤᠨ ᠠᠮᠤᠷ ᠲᠦᠪᠰᠢᠨ ᠢ ᠰᠣᠨᠢᠷᠬᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠤᠬᠠᠭᠤᠯᠤᠨ ᠮᠡᠳᠡᠭᠡᠯᠡᠬᠦ ᠶᠢ ᠪᠣᠳᠠᠲᠠᠶᠢᠵᠢᠭᠤᠯᠬᠤ ᠬᠡᠷᠡᠭᠲᠡᠶ᠃ ᠨᠠᠷᠢᠨ ᠨᠢᠮᠪᠠᠶ ᠵᠣᠬᠢᠶᠠᠨ ᠪᠠᠶᠢᠭᠤᠯᠤᠨ ᠲᠥᠰᠦᠪᠯᠡᠵᠦ᠂ ᠤᠯᠠᠮᠵᠢᠯᠠᠯᠲᠤ ᠵᠠᠭᠤᠴᠢᠯᠠᠭᠤᠷ᠂ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠢ ᠠᠰᠢᠭᠯᠠᠨ ᠠᠵᠢᠯᠯᠠᠭ᠎ᠠ ᠶᠢ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠠᠵᠢᠯᠯᠠᠭ᠎ᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号