2 ᠰᠠᠷ᠎ᠠ ᠶᠢᠨ 6 ᠤ ᠡᠳᠦᠷ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2025 | ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠠᠶᠢᠭᠤᠯᠭ᠎ᠠ ᠶᠢᠨ ᠺᠠᠳ᠋ᠷ ᠤᠨ ᠠᠵᠢᠯ ᠤᠨ ᠬᠤᠷᠠᠯ | ᠬᠤᠷᠠᠯᠳᠤᠭᠤᠯᠪᠠ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠱᠧᠩ ᠴᠢᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠰᠡᠳᠬᠢᠯ ᠢᠶᠠᠨ ᠬᠤᠷᠢᠶᠠᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠠᠵᠠ ᠲᠣᠬᠢᠶᠠᠯ ᠢ ᠠᠮᠵᠢᠨ ᠠᠳᠬᠤᠵᠤ᠂ ᠢᠯᠠᠯᠲᠠ ᠶᠢᠨ ᠡᠷᠴᠢᠨ ᠳᠡᠭᠡᠷ᠎ᠡ ᠪᠠᠨ | ᠴᠢᠩᠱᠠᠨ ᠤ ᠰᠤᠷᠭᠠᠨ ᠬᠥᠮᠦᠵᠢᠯ ᠤᠨ ᠦᠢᠯᠡᠰ ᠤᠨ ᠨᠠᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠶ ᠭᠡᠵᠦ ᠱᠠᠭᠠᠷᠳᠠᠪᠠ᠃ ᠲᠣᠪᠴᠢᠶᠠᠨ ᠤ ᠪᠠᠭ ᠤᠨ ᠪᠦᠬᠦ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠲᠠᠰᠤᠭ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠰᠤᠷᠭᠠᠨ ᠬᠥᠮᠦᠵᠢᠯ ᠢᠶᠠᠷ | ᠤᠯᠤᠰ ᠢᠶᠠᠨ ᠬᠦᠴᠦᠷᠬᠡᠭᠵᠢᠬᠦᠯᠬᠦ ᠲᠥᠯᠥᠪᠵᠢᠭᠦᠯᠭᠡ ᠶᠢᠨ ᠬᠥᠲᠥᠯᠪᠦᠷᠢ ︵2024 - 2035 ᠣᠨ︶︾᠂ | ︽ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾᠂ ︽ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠵᠡᠷᠭᠡ ᠮᠡᠳᠡᠭᠳᠡᠯ ᠤᠨ ᠪᠢᠴᠢᠭ ᠮᠠᠲ᠋ᠧᠷᠢᠶᠠᠯ ᠢ ᠰᠤᠷᠤᠯᠴᠠᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ᠂ ᠬᠤᠲᠠ ᠲᠣᠭᠤᠷᠢᠭ ᠤᠨ ᠬᠤᠶᠠᠷ ᠱᠠᠲᠤᠨ ᠤ ︿ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ᠂ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ﹀ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠥᠷᠭᠡᠨ ᠣᠯᠠᠨ ᠪᠠᠶᠢᠭᠤᠯᠭ᠎ᠠ ᠶᠢᠨ ᠺᠠᠳ᠋ᠷ ᠢ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠪᠠᠶᠢᠳᠠᠯ ᠢ ᠠᠮᠵᠢᠨ | ᠤᠷᠤᠭᠰᠢᠯᠠᠵᠤ᠂ ᠰᠤᠷᠭᠠᠨ ᠬᠥᠮᠦᠵᠢᠯ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠤᠷᠭᠠᠨ ᠬᠥᠮᠦᠵᠢᠯ ᠤᠨ | ᠭᠤᠤᠯ ᠰᠢᠪᠲᠤᠯᠤᠯᠲᠠ ᠶᠢᠨ ᠴᠢᠭᠯᠡᠯ ᠪᠠ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠵᠤ᠂ ᠪᠥᠬᠦ ᠬᠤᠲᠠ ᠵᠢᠴᠢ ᠴᠢᠩᠱᠠᠨ ᠲᠣᠭᠤᠷᠢᠭ ᠤᠨ | ︽ᠬᠤᠶᠠᠷ ᠢ ᠲᠠᠲᠠᠵᠦ ᠬᠤᠶᠠᠷ ᠢ ᠤᠷᠤᠭᠤᠯᠬᠤ ᠨᠢᠭᠡ ᠶᠢ ᠰᠢᠯᠢᠳᠡᠭᠵᠢᠭᠦᠯᠬᠦ︾ ᠳᠤ ᠰᠤᠷᠭᠠᠨ ᠬᠥᠮᠦᠵᠢᠯ ᠤᠨ ᠬᠦᠴᠦᠨ | ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠨᠢᠭᠡ ᠳᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠷᠢᠭ ᠰᠠᠨᠠᠭ᠎ᠠ ᠪᠠᠨ ᠬᠥᠭᠵᠢᠭᠡᠵᠦ᠂ | ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ 2024 ᠣᠨ ᠳᠤ᠂ ᠴᠢᠩᠱᠠᠨ ᠤ ᠰᠤᠷᠭᠠᠨ | ᠬᠥᠮᠦᠵᠢᠯ ᠨᠢ ᠬᠤᠲᠠ ᠲᠣᠭᠤᠷᠢᠭ ᠤᠨ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠵᠥᠪ ᠵᠢᠯᠣᠭᠤᠳᠣᠯᠭ᠎ᠠ | ᠳᠣᠤᠷ᠎ᠠ᠂ ︽ᠰᠤᠷᠭᠠᠨ ᠬᠥᠮᠦᠵᠢᠯ ᠤᠨ ᠥᠨᠳᠦᠷᠯᠢᠭ ᠢ ᠪᠥᠬᠦ ᠲᠠᠯ᠎ᠠ ᠪᠠᠷ ᠪᠠᠶᠢᠭᠤᠯᠵᠤ᠂ ᠰᠤᠷᠭᠠᠨ ᠬᠥᠮᠦᠵᠢᠯ ᠤᠨ | ᠬᠦᠴᠦᠷᠬᠡᠭ ᠬᠤᠲᠠ ᠶᠢ ᠪᠥᠲᠥᠭᠡᠨ ᠪᠠᠶᠢᠭᠤᠯᠬᠤ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠬᠦᠴᠢᠷ ᠢ | ᠳᠤᠭᠤᠯᠤᠨ ᠪᠡᠷᠬᠡ ᠶᠢ ᠳᠠᠪᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠡᠪᠰᠢᠵᠦ᠂ ᠣᠮᠣᠭᠰᠢᠯ ᠲᠠᠢ ᠠᠮᠵᠢᠯᠲᠠ | ᠤᠯᠪᠠ᠃ 2025 ᠣᠨ ᠢ ᠪᠠᠷᠠᠯᠠᠬᠤᠶ᠎ᠠ᠂ ᠪᠢᠳᠡ ᠨᠠᠩ ᠣᠯᠠᠨ ᠬᠦᠰᠡᠯ ᠡᠷᠡᠮᠡᠯᠵᠡᠯ ᠪᠠ ᠬᠠᠷᠠᠯᠲᠠ ᠪᠠᠶᠢᠬᠤ ᠬᠡᠷᠡᠭᠲᠡᠶ᠃ | ᠰᠠᠬᠢᠯᠭ᠎ᠠ ᠪᠠᠲᠤ ᠪᠠᠷ ᠰᠡᠳᠬᠢᠯ ᠢᠶᠠᠨ ᠬᠤᠷᠢᠶᠠᠵᠤ᠂ ᠬᠠᠷᠢᠭᠤᠴᠠᠯᠭ᠎ᠠ ᠪᠠᠷ ᠰᠡᠳᠬᠢᠯ ᠢᠶᠠᠨ ᠬᠤᠷᠢᠶᠠᠵᠤ᠂ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠰᠤᠷᠲᠠᠯ ᠢᠶᠠᠨ ᠴᠢᠩᠭ᠎ᠠ ᠨᠢᠮᠪᠠᠢ ᠰᠠᠶᠢᠲᠤᠷ | ᠪᠢᠴᠢᠭᠯᠡᠬᠦ ᠬᠡᠷᠡᠭᠲᠡᠢ᠃ ᠬᠤᠶᠠᠷ ᠲᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠰᠤᠷᠲᠠᠯ ᠢᠶᠠᠨ ᠪᠠᠬᠢᠵᠢᠭᠦᠯᠵᠦ᠂ | ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ ᠭᠦᠢᠴᠡᠳᠬᠡᠬᠦ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠰᠤᠷᠭᠠᠨ | ᠬᠥᠮᠦᠵᠢᠯ ᠤᠨ ᠲᠤᠬᠠᠶ ᠥᠭᠦᠯᠡᠬᠦ ᠨᠢ︾ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠲᠤᠰᠬᠠᠶᠢᠵᠢᠭᠰᠠᠨ | ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠬᠢᠵᠦ | ᠴᠢᠳᠠᠬᠤ ᠪᠣᠯᠵᠣ᠂ ᠲᠤᠬᠠᠶᠢᠯᠠᠭᠰᠠᠨ ᠠᠵᠢᠯ ᠤᠨ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠶ᠃ ᠪᠠᠴᠢᠮ ᠶᠠᠭᠠᠷᠠᠯᠲᠠᠢ | ᠪᠥᠭᠡᠳ ᠲᠦᠷᠭᠡᠨ ᠠᠵᠢᠯᠯᠠᠬᠤ᠂ ᠵᠣᠭᠰᠣᠯ ᠦᠭᠡᠢ ᠤᠷᠤᠭᠰᠢᠯᠠᠬᠤ᠂ ᠬᠤᠷᠳᠤᠴᠠ ᠪᠠᠨ ᠳᠡᠭᠡᠭᠰᠢᠯᠡᠭᠦᠯᠦᠨ ᠲᠡᠷᠢᠭᠦᠨ ᠳᠤ | ᠲᠠᠯᠪᠢᠬᠤ ᠪᠠᠷ ᠴᠢᠷᠮᠠᠶᠢᠬᠤ ᠭᠦᠨ ᠵᠤᠵᠠᠭᠠᠨ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠦᠳᠲᠡᠷ | ᠲᠦᠷᠭᠡᠨ ᠪᠦᠷᠢᠯᠳᠦᠭᠦᠯᠵᠦ᠂ ᠠᠵᠢᠯ ᠶᠠᠪᠤᠳᠠᠯ ᠬᠢᠵᠦ᠂ ᠠᠵᠢᠯ ᠶᠠᠪᠤᠳᠠᠯ ᠢ ᠪᠦᠲᠦᠭᠡᠵᠦ᠂ ᠰᠢᠨ᠎ᠡ ᠰᠡᠳᠬᠢᠴᠡ ᠶᠢ | ᠰᠦᠪᠡᠭᠴᠢᠯᠡᠵᠦ᠂ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠡᠷᠲᠡ ᠠᠴᠠ ᠠᠷᠭ᠎ᠠ ᠰᠦᠪᠡᠭᠴᠢᠯᠡᠵᠦ᠂ ᠤᠷᠢᠳᠠᠪᠠᠷ | ᠨᠢᠭᠡ ᠠᠯᠬᠤᠮ ᠲᠤᠬᠢᠷᠠᠭᠤᠯᠵᠤ᠂ 2025 ᠣᠨ ᠤ ᠲᠣᠰ ᠰᠠᠯᠠᠭ᠎ᠠ ᠮᠥᠴᠢᠷ ᠤᠨ ᠠᠵᠢᠯ ᠤᠨ ᠲᠥᠰᠦᠯ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠬᠠᠳᠠᠭᠠᠰᠤ | ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠠᠵᠢᠯ ᠢᠶᠠᠨ ᠠᠬᠢᠭᠤᠯᠵᠤ᠂ ︽ᠲᠠᠶᠢᠯᠪᠦᠷᠢᠯᠠᠬᠤ︾ | ᠰᠡᠳᠬᠢᠬᠦᠢ ᠪᠠᠨ ᠴᠢᠩᠭᠠᠳᠬᠠᠵᠤ᠂ ᠦᠨᠡᠨ ᠠᠰᠠᠭᠤᠳᠠᠯ ᠢ ᠡᠷᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠮᠡᠳᠡᠬᠦᠶ | ᠬᠢᠬᠦᠶ ᠪᠠᠨ ᠨᠢᠭᠡᠳᠬᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ︽ᠰᠢᠯᠢᠳᠡᠭ ᠰᠤᠷᠤᠬᠤᠢ ᠴᠢᠩᠱᠠᠨ ᠳᠤ ᠪᠤᠢ᠂ | ᠰᠢᠯᠢᠳᠡᠭ ᠰᠤᠷᠤᠬᠤᠢ ᠬᠡᠷᠬᠢᠨ ᠰᠤᠷᠬᠤ︾ ᠦᠢᠯᠡᠳᠦᠯᠭᠡ ᠶᠢᠨ ᠳᠤᠮᠳᠠ ᠢᠳᠡᠪᠬᠢᠲᠡᠢ ᠣᠷᠣᠯᠴᠠᠵᠤ ᠰᠠᠶᠢᠲᠤᠷ | ᠬᠠᠷᠢᠭᠤᠯᠬᠤ ᠬᠡᠷᠡᠭᠲᠡᠶ᠃ ᠪᠦᠯᠬᠦᠮ ᠨᠡᠶᠢᠲᠡ ᠶᠢᠨ ᠬᠠᠮᠵᠢᠯᠴᠠᠨ ᠴᠢᠩᠱᠠᠨ ᠤ ᠰᠤᠷᠭᠠᠨ ᠬᠥᠮᠦᠵᠢᠯ ᠤᠨ ᠠᠵᠢᠯ ᠢ | ᠥᠷᠨᠢᠭᠦᠯᠬᠦ ᠳᠤᠮᠳᠠᠬᠢ ᠲᠦᠢᠯ ᠤᠨ ᠴᠢᠬᠤᠯᠠ ᠴᠢᠨᠠᠷ ᠢ ᠲᠠᠨᠢᠵᠤ᠂ ᠬᠠᠮᠲᠤᠪᠠᠷ ᠠᠵᠢᠯᠯᠠᠵᠤ ᠴᠢᠳᠠᠬᠤ᠂ ᠬᠡᠷᠡᠭ ᠭᠠᠷᠬᠤ | ᠦᠭᠡᠢ᠂ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠶ᠎ᠡ ᠵᠣᠬᠢᠴᠠᠩᠭᠤᠢ | ᠶᠣᠰᠣ ᠲᠦᠷᠢᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠭᠤᠷᠪᠠ ᠳᠤ᠂ | ᠬᠠᠷᠠᠯᠲᠠ ᠪᠠᠨ ᠲᠣᠭᠲᠠᠭᠠᠵᠤ᠂ ᠭᠤᠣᠯᠳᠠᠯᠭ᠎ᠠ ᠪᠠᠨ ᠲᠤᠪᠤᠶᠢᠯᠭᠠᠨ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠴᠢᠩᠭ᠎ᠠ ᠠᠳᠬᠤᠬᠤ ᠬᠡᠷᠡᠭᠲᠡᠢ᠃ 2025 ᠤᠨ ᠪᠣᠯ ᠴᠢᠩᠱᠠᠨ ᠲᠣᠭᠤᠷᠢᠭ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠠᠰᠤ ᠴᠢᠨᠠᠷ ᠢ ᠳᠡᠭᠡᠭᠰᠢᠯᠡᠭᠦᠯᠬᠦ ᠤᠨ ᠪᠣᠯᠤᠨ᠎ᠠ᠂ ᠪᠦᠬᠦ | ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠨᠢ ᠰᠤᠷᠭᠠᠨ ᠬᠥᠮᠦᠵᠢᠯ ᠤᠨ ᠥᠨᠳᠦᠷᠯᠢᠭ ᠢ ᠪᠦᠬᠦ ᠲᠠᠯ᠎ᠠ ᠪᠠᠷ | ᠴᠣᠭᠴᠠᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠪᠦᠳᠦᠭᠡᠨ ᠪᠠᠶᠢᠭᠤᠯᠬᠤ ᠬᠠᠷᠠᠯᠲᠠ | ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠭᠤᠯᠤᠭᠳᠠᠬᠤᠨ ᠢ ᠳᠡᠭᠡᠭᠰᠢᠯᠡᠭᠦᠯᠬᠦ ᠪᠠ ᠡᠷᠬᠡ | ᠲᠡᠭᠰᠢ ᠶᠢ ᠪᠠᠲᠤᠯᠠᠬᠤ ᠪᠠᠷ ᠭᠤᠣᠯᠳᠠᠯᠭ᠎ᠠ ᠪᠣᠯᠭᠠᠵᠤ᠂ 52 ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ | ᠪᠠᠲᠤᠲᠠᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦ ᠶᠢ ᠪᠠᠲᠤᠳᠬᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠲᠤᠯᠠᠭ᠎ᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ | ᠴᠢᠩᠱᠠᠨ ᠤ ᠰᠤᠷᠭᠠᠨ ᠬᠥᠮᠦᠵᠢᠯ ᠤᠨ ︽ᠲᠠᠪᠤᠨ ᠶᠡᠭᠡ ᠢᠨᠵᠧᠨᠧᠷᠢᠩ︾ ᠢ ᠦᠷᠭᠦᠯᠵᠢᠯᠡᠨ ᠪᠠᠬᠢᠵᠢᠭᠦᠯᠵᠦ᠂ ︽ᠰᠢᠯᠢᠳᠡᠭ | ᠰᠤᠷᠤᠬᠤᠢ ᠴᠢᠩᠱᠠᠨ ᠳᠤ ᠪᠤᠢ︾ ᠰᠤᠷᠭᠠᠨ ᠬᠥᠮᠦᠵᠢᠯ ᠤᠨ ᠲᠦᠷᠦᠯ ᠲᠡᠮᠳᠡᠭ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ᠂ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ | | | |