ᠱᠧᠨ ᠨᠧᠩ ᠪᠦᠯᠦᠭᠯᠡᠯ ᠤᠨ ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠬᠢᠭᠡᠳ ᠳᠠᠬᠢᠨ ᠡᠭᠦᠰᠴᠦ ᠪᠣᠯᠬᠤ ᠡᠨᠧᠷᠭᠢ ᠶᠢ ᠨᠢᠭᠡ ᠴᠣᠭᠴᠠᠵᠢᠭᠤᠯᠬᠤ ᠲᠥᠷᠥᠯ ᠵᠦᠢᠯ 2 ᠰᠠᠷ᠎ᠠ ᠶᠢᠨ 10᠎ ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2025/2/11
      ᠲᠣᠰ ᠲᠥᠷᠥᠯ ᠵᠦᠢᠯ ᠨᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠲᠣᠭᠤᠷᠢᠭ ᠤᠨ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠲᠤ ᠬᠦᠷᠴᠦ᠂ 2025 ᠣᠨ ᠳᠤ 6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠱᠧᠨ ᠨᠧᠩ ᠪᠦᠯᠦᠭᠯᠡᠯ ᠱᠠᠩᠬᠠᠶ ᠴᠢᠩ ᠴᠧᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 5000 ᠢᠵᠢ ᠳ᠋ᠢᠶᠠᠨ ᡂᠢ ᠶᠢᠨ ᠤᠭᠰᠠᠷᠠᠭᠰᠠᠨ ᠦᠢᠯᠡᠳᠪᠦᠷᠢᠯᠡᠯ ᠤᠨ ᠱᠤᠭᠤᠮ᠂ ᠱᠠᠩᠬᠠᠶ  ᠺᠦᠨ ᠬᠤᠸᠠ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 5000 ᠢᠵᠢ ᠳ᠋ᠢᠶᠠᠨ ᡂᠢ ᠬᠥᠳᠡᠯᠭᠡᠬᠦ ᠬᠦᠴᠦᠨ ᠤ ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ᠂ ᠵᠧᠵᠢᠶᠠᠩ ᠯᠠᠨ ᠨᠧᠩ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ 5000 ᠢᠵᠢ ᠤᠰᠤ ᠠᠴᠢᠶᠠᠯᠠᠬᠤ ᠤᠰᠤᠲᠥ᠋ᠷᠥᠭᠴᠢ ᠶᠢᠨ ᠰᠢᠰᠲ᠋ᠧᠮ ᠤᠨ ᠬᠤᠷᠠᠮᠠᠯ ᠦᠢᠯᠡᠳᠪᠦᠷᠢᠯᠡᠯ ᠤᠨ ᠱᠤᠭᠤᠮ᠂ ᠱᠠᠩᠬᠠᠢ  ᠴᠢᠩ ᠱᠧᠩ ᠴᠤᠸᠠᠩ ᠾᠧ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠯ ᠳᠤ 250MWPEM ᠴᠠᠬᠢᠯᠭᠠᠨ ᠵᠠᠳᠠᠯᠤᠯ ᠤᠨ ᠬᠤᠪᠢᠴᠠᠭᠠᠲᠤ ᠦᠢᠯᠡᠳᠪᠦᠷᠢᠯᠡᠯ ᠤᠨ ᠱᠤᠭᠤᠮ ᠢ ᠪᠥᠲᠥᠭᠡᠨ ᠪᠠᠶᠢᠭᠤᠯᠤᠨ᠎ᠠ᠃      ᠲᠥᠷᠥᠯ ᠵᠦᠢᠯ ᠤᠨ ᠪᠠᠶᠢᠴᠠ ᠨᠢ ᠰᠣᠩᠭᠤᠭᠰᠠᠨ ᠤᠰᠤᠲᠥ᠋ᠷᠥᠭᠴᠢ ᠡᠨᠧᠷᠭᠢ  ᠠᠵᠤ ᠦᠢᠯᠡᠰ ᠤᠨ ᠬᠦᠷᠢᠶᠡᠯᠡᠩ ᠳᠤ ᠪᠤᠢ᠂ ᠱᠠᠩᠬᠠᠶ  ᠴᠢᠩ ᠴᠧᠨ᠂ ᠱᠠᠩᠬᠠᠶ ᠺᠦᠨ ᠬᠤᠸᠠ᠂ ᠱᠠᠩᠬᠠᠶ  ᠴᠢᠩ ᠱᠧᠩ ᠺᠣᠮᠫᠠᠨᠢ ᠶᠢᠨ ᠳᠠᠩᠰᠠᠯᠠᠭᠤᠯᠬᠤ ᠪᠠ ᠲᠥᠷᠥᠯ ᠵᠦᠢᠯ ᠤᠨ  ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠵᠧᠵᠢᠶᠠᠩ  ᠯᠠᠨ ᠨᠧᠩ ᠶᠠᠭ ᠳᠠᠩᠰᠠᠯᠠᠭᠤᠯᠵᠤ ᠪᠠᠶᠢᠨ᠎ᠠ᠃ ᠣᠳᠣᠬᠠᠨ ᠳᠤ ᠦᠢᠯᠡᠳᠪᠦᠷᠢ ᠶᠢᠨ ᠭᠡᠷ ᠪᠠᠶᠢᠰᠢᠩ ᠢ ᠨᠢᠭᠡᠨᠲᠡ ᠲᠠᠯᠠᠪᠠᠢ ᠳᠤ ᠣᠷᠣᠵᠤ ᠵᠠᠰᠠᠨ ᠴᠢᠮᠡᠭᠯᠡᠭᠰᠡᠨ ᠪᠥᠭᠡᠳ 2025 ᠣᠨ ᠤ 2 ᠰᠠᠷ᠎ᠠ ᠶᠢᠨ 10᠎ ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠪᠡ᠃ ᠲᠥᠷᠥᠯ ᠵᠦᠢᠯ ᠤᠨ ᠵᠣᠷᠢᠯᠭ᠎ᠠ ᠨᠢ ᠤᠰᠤᠲᠥ᠋ᠷᠥᠭᠴᠢ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠪᠠᠷ ᠳᠠᠮᠵᠢᠭᠤᠯᠤᠨ᠂ ᠤᠰᠤᠲᠥ᠋ᠷᠥᠭᠴᠢ ᠡᠨᠧᠷᠭᠢ ᠶᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠ ᠬᠤᠳᠠᠯᠳᠤᠭᠠᠴᠢᠯᠠᠨ ᠠᠵᠢᠯᠯᠠᠭᠤᠯᠬᠤ ᠶᠢ ᠪᠡᠶᠡᠯᠡᠭᠦᠯᠵᠦ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠮᠠᠨ ᠤ ᠲᠤᠭᠤᠷᠢᠭ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ︽ᠦᠢᠯᠡᠳᠴᠦ ᠵᠥᠭᠡᠭᠡᠪᠦᠷᠢᠯᠡᠬᠦ ᠪᠠ ᠨᠡᠮᠡᠵᠦ ᠬᠡᠷᠡᠭᠯᠡᠬᠦ︾ ᠪᠥᠬᠦ ᠵᠠᠩᠭᠢᠯᠠᠭ᠎ᠠ ᠶᠢᠨ ᠦᠢᠯᠡᠳᠬᠦ ᠴᠢᠳᠠᠪᠤᠷᠢ ᠶᠢ ᠪᠦᠷᠢᠯᠳᠦᠭᠦᠯᠵᠦ᠂ ᠪᠤᠭᠤᠲᠤ ᠶᠢᠨ ᠤᠰᠤᠲᠥ᠋ᠷᠥᠭᠴᠢ ᠲᠦᠯᠡᠰᠢᠨ ᠴᠠᠬᠢᠯᠭᠠᠨ ᠵᠤᠤᠬ᠎ᠠ᠂ ᠤᠰᠤᠲᠥ᠋ᠷᠥᠭᠴᠢ ᠬᠠᠳᠠᠭᠠᠯᠠᠬᠤ ᠰᠢᠰᠲ᠋ᠧᠮ᠂ ᠴᠠᠬᠢᠯᠭᠠᠨ ᠵᠠᠳᠠᠯᠤᠯ ᠤᠨ ᠣᠩᠭᠤᠴᠠ ᠶᠢᠨ ᠬᠤᠭᠤᠰᠣᠨ ᠢ ᠨᠥᠬᠦᠪᠥᠷᠢᠯᠡᠬᠦ ᠶᠢᠨ ᠲᠥᠯᠥᠭᠡ ᠶᠤᠮ᠃      ᠲᠠᠷᠠᠭᠠᠴᠢ ᠶᠢᠨ ᠠᠯᠬᠤᠮ ᠳᠤ᠂ ᠱᠧᠨ ᠨᠧᠩ ᠪᠦᠯᠦᠭᠯᠡᠯ ᠤᠨ ᠪᠤᠭᠤᠲᠤ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠬᠢᠭᠡᠳ ᠳᠠᠬᠢᠨ ᠡᠭᠦᠰᠴᠦ ᠪᠣᠯᠬᠤ ᠡᠨᠧᠷᠭᠢ ᠶᠢ ᠨᠢᠭᠡ ᠴᠤᠭᠴᠠᠵᠢᠭᠤᠯᠬᠤ ᠲᠥᠷᠥᠯ ᠵᠦᠢᠯ ᠨᠢ ᠪᠠᠷᠢᠯᠭ᠎ᠠ ᠶᠢᠨ ᠬᠤᠭᠤᠴᠠᠭ᠎ᠠ᠂ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠶᠠᠰᠤ ᠴᠢᠨᠠᠷ ᠤᠨ ᠤᠬᠠᠮᠰᠠᠷ᠂ ᠵᠠᠩᠭᠢᠯᠠᠭ᠎ᠠ ᠶᠢᠨ ᠴᠡᠭ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠪᠠᠶᠢᠷᠢᠯᠠᠭᠤᠯᠵᠤ᠂ 2025 ᠣᠨ ᠤ 3 ᠰᠠᠷ᠎ᠠ ᠳᠤ ᠠᠰᠢᠭᠯᠠᠯᠲᠠ ᠳᠤ ᠣᠷᠣᠭᠤᠯᠤᠨ ᠠᠵᠢᠯᠯᠠᠬᠤ ᠪᠠᠷ ᠴᠢᠷᠮᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号