2 ᠰᠠᠷ᠎ᠠ ᠶᠢᠨ 11 ᠤ ᠡᠳᠦᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠳᠥᠷᠪᠡᠨ︶ ᠤᠨ | ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ 2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ | ᠡᠳᠦᠷ ᠤᠨ ᠪᠠᠶᠠᠷ ᠤᠨ ᠵᠡᠭᠡᠯᠢ ᠭᠤᠳᠤᠮᠵᠢ ᠶᠢᠨ ᠠᠷᠠᠳ ᠤᠨ ᠵᠠᠩ ᠦᠢᠯᠡ ᠶᠢᠨ ᠤᠳᠬ᠎ᠠ ᠤᠷᠠᠯᠢᠭ ᠤᠨ | ᠦᠵᠡᠭᠦᠯᠦᠯᠭᠡ ᠶᠢᠨ ᠲᠣᠭᠯᠠᠯᠲᠠ ᠨᠢᠭᠡᠳᠦᠭᠡᠷ ᠠᠵᠢᠯᠴᠢᠨ ᠤ ᠰᠣᠶᠣᠯ ᠤᠨ ᠣᠷᠳᠣᠨ ᠤ ᠡᠭᠦᠳᠡᠨ ᠡᠮᠦᠨᠡᠬᠢ | ᠲᠠᠯᠠᠪᠠᠶ ᠳᠤ ᠡᠬᠢᠯᠡᠪᠡ᠃ | ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩᠱᠠᠨ ᠲᠣᠭᠤᠷᠢᠭ ᠤᠨ | ᠬᠤᠷᠢᠶ᠎ᠠ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠴᠢᠩᠱᠠᠨ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ᠂ ᠴᠢᠩᠱᠠᠨ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ | ᠡᠷᠬᠢᠯᠡᠵᠦ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠢᠩᠱᠠᠨ | ᠲᠣᠭᠤᠷᠢᠭ ᠤᠨ ᠡᠯ᠎ᠡ ᠵᠡᠭᠡᠯᠢ ᠪᠠᠯᠭᠠᠰᠤ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠵᠡᠷᠭᠡ ᠬᠠᠮᠲᠤᠪᠠᠷ | ᠬᠠᠮᠵᠢᠯᠴᠠᠨ ᠡᠷᠬᠢᠯᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠡᠩᠭᠡᠷᠭᠡ ᠦᠢᠮᠡᠯᠳᠦᠵᠦ᠂ ᠬᠥᠮᠦᠰ ᠤᠨ | ᠳᠠᠭᠤᠨ ᠨᠢᠵᠢᠭᠢᠨᠡᠵᠦ᠂ ᠴᠢᠩᠱᠠᠨ ᠲᠣᠭᠤᠷᠢᠭ ᠠᠴᠠ ᠢᠷᠡᠭᠰᠡᠨ 14 ᠤᠷᠠᠨ ᠰᠠᠶᠢᠬᠠᠨ ᠤ ᠲᠣᠭᠯᠠᠯᠲᠠ ᠶᠢᠨ ᠡᠩᠨᠡᠭᠡ᠂ | ᠮᠢᠩᠭ᠎ᠠ ᠭᠠᠷᠤᠢ ᠲᠣᠭᠯᠠᠭᠴᠢᠳ ᠤᠯᠠᠭᠠᠨ ᠦᠩᠭᠡ ᠪᠠᠷ ᠴᠢᠮᠡᠭᠯᠡᠵᠦ᠂ ᠳᠠᠭᠤᠯᠠᠨ ᠪᠥᠵᠢᠭᠯᠡᠵᠦ᠂ ᠬᠠᠬᠢᠷ ᠬᠦᠢᠲᠡᠨ ᠠᠴᠠ | ᠠᠶᠤᠬᠤ ᠦᠭᠡᠢ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠦᠷᠪᠡᠨ ᠵᠦᠭ ᠲᠤ ᠪᠢᠯᠬᠠᠵᠤ᠂ ᠰᠢᠨ᠎ᠡ ᠵᠢᠯ ᠤᠨ ᠰᠠᠶᠢᠨ | ᠰᠠᠶᠢᠬᠠᠨ ᠬᠦᠰᠡᠯ ᠡᠷᠡᠮᠡᠯᠵᠡᠯ ᠨᠢ ᠪᠠᠶᠠᠷ ᠪᠠᠶᠠᠰᠬᠤᠯᠠᠩᠲᠤ ᠬᠦᠳᠡᠯᠭᠡᠭᠡᠨ ᠤ ᠳᠤᠮᠳᠠ ᠠᠭᠤᠰᠤᠯᠴᠠᠵᠠᠢ᠃ ᠪᠠᠶᠠᠯᠢᠭ | ᠰᠠᠶᠢᠬᠠᠨ ᠲᠣᠭᠯᠠᠯᠲᠠ ᠶᠢᠨ ᠬᠡᠯᠪᠡᠷᠢ ᠨᠢ ᠲᠤᠬᠠᠶ ᠶᠢᠨ ᠲᠠᠯᠠᠪᠠᠢ ᠶᠢᠨ ᠬᠤᠲᠠ ᠶᠢᠨ ᠠᠷᠠᠳ ᠤᠨ ᠠᠩᠬᠠᠷᠤᠯ ᠢ ᠶᠡᠬᠡᠳᠡ | ᠲᠠᠲᠠᠪᠠ᠃ | ᠠᠷᠠᠳ ᠤᠨ ᠵᠠᠩ ᠦᠢᠯᠡ ᠶᠢᠨ ᠦᠵᠡᠭᠦᠯᠦᠯᠭᠡ ᠶᠢᠨ ᠲᠣᠭᠯᠠᠯᠲᠠ ᠪᠣᠯᠤᠭᠰᠠᠨ ᠤ ᠬᠤᠪᠢ ᠳᠤ᠂ ᠭᠤᠤᠴᠢᠶᠣᠣ᠂ | ᠶᠠᠩᠭᠠᠷ ᠪᠥᠵᠢᠭ ᠨᠢ ᠵᠢᠯ ᠪᠦᠷᠢ ᠶᠢᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠲᠣᠭᠯᠠᠯᠲᠠ ᠳᠤᠲᠠᠭᠳᠠᠵᠤ | ᠪᠣᠯᠤᠰᠢ ᠦᠭᠡᠢ ᠶᠤᠮ᠂ ᠴᠢᠩ ᠹᠦ᠋ ᠪᠠᠯᠭᠠᠰᠤᠨ ᠤ ᠵᠤᠤ ᠵᠢᠶᠠ ᠳ᠋ᠢᠶᠠᠨ ᠲᠣᠰᠬᠤᠨ ᠤ ᠪᠠᠶᠠᠷ ᠤᠨ ᠡᠳᠦᠷ ᠤᠨ | ᠲᠣᠭᠯᠠᠯᠲᠠ ᠨᠢ ᠨᠡᠩ ᠴᠤ ᠬᠥᠮᠦᠰ ᠤᠨ ᠠᠩᠬᠠᠷᠤᠯ ᠢ ᠲᠠᠲᠠᠵᠤ᠂ ᠲᠣᠭᠯᠠᠭᠴᠢᠳ ᠥᠩᠭᠡᠲᠦ ᠬᠤᠪᠴᠠᠰᠤ ᠡᠮᠦᠰᠴᠦ᠂ | ᠭᠤᠶᠤ ᠰᠠᠶᠢᠬᠠᠨ ᠶᠠᠩᠭᠠᠷ ᠪᠥᠵᠢᠭ ᠲᠠᠢ ᠬᠠᠮᠵᠢᠯᠴᠠᠵᠤ᠂ ᠠᠷᠠᠳ ᠤᠨ ᠤᠷᠠᠯᠢᠭ ᠤᠨ ᠱᠤᠭ ᠶᠠᠷᠢᠶ᠎ᠠ ᠪᠣᠯᠤᠨ ᠪᠠᠶᠠᠷ | ᠪᠠᠭ᠋ᠠᠳᠤᠯ ᠢ ᠭᠦᠢᠴᠡᠳ ᠢᠯᠡᠷᠡᠭᠦᠯᠪᠡ᠃ | ᠪᠦᠬᠦ᠋ᠢᠯᠡ ᠲᠣᠭᠯᠠᠯᠲᠠ ᠨᠢ ᠤᠯᠠᠮᠵᠢᠯᠠᠯᠲᠤ ᠠᠷᠠᠳ ᠤᠨ ᠵᠠᠩ ᠵᠠᠩᠰᠢᠯ ᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠦᠭᠰᠡᠨ ᠪᠥᠭᠡᠳ ᠴᠠᠭ ᠦᠶ᠎ᠡ ᠶᠢᠨ ᠵᠣᠷᠢᠭ ᠰᠠᠨᠠᠭᠠᠨ ᠤ ᠵᠠᠯᠠᠭᠤ ᠨᠠᠰᠤᠨ ᠤ ᠢᠯᠡᠳᠬᠡᠯ ᠪᠠᠶᠢᠵᠤ᠂ | ᠰᠢᠯᠢᠳᠡᠭ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠳᠤ ᠳᠡᠯᠭᠡᠨ ᠦᠵᠡᠭᠦᠯᠵᠦ ᠰᠣᠯᠢᠯᠴᠠᠬᠤ | ᠲᠠᠪᠴᠠᠩ ᠢ ᠪᠠᠶᠢᠭᠤᠯᠵᠤ᠂ ᠥᠷᠭᠡᠨ ᠤᠯᠠᠨ ᠲᠦᠮᠡᠨ ᠳᠤ ᠪᠠᠶᠠᠯᠢᠭ ᠰᠠᠶᠢᠬᠠᠨ ᠠᠵᠢᠯᠯᠠᠭ᠎ᠠ ᠶᠢᠨ ᠳᠤᠮᠳᠠ ᠥᠯᠵᠡᠢ | ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠴᠢᠩᠱᠠᠨ | ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ ᠰᠣᠶᠣᠯ | ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢᠨ ᠴᠡᠴᠡᠭᠯᠡᠨ ᠬᠥᠭᠵᠢᠬᠦ ᠶᠢ ᠭᠦᠢᠴᠡᠳ ᠬᠠᠷᠠᠭᠤᠯᠵᠠᠢ᠃ | | | | | | | | | | | | | | | |