ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠶᠢᠨ ᠬᠤᠭᠤᠴᠠᠭᠠᠨ ᠳᠤ 12315 ᠬᠠᠯᠠᠮᠰᠢᠯ ᠤᠲᠠᠰᠦ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ
ᠨᠡᠶᠢᠲᠡᠯᠡᠭᠰᠡᠨ ᠴᠠᠭ᠄
2025/2/12
      2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ᠂ ᠴᠢᠩᠱᠠᠨ ᠲᠣᠭᠤᠷᠢᠭ ᠨᠢ ᠬᠡᠷᠡᠭᠯᠡᠭᠴᠢᠳ ᠤᠨ ᠢᠯᠡᠴᠢᠯᠡᠨ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠢ 100 ᠬᠤᠪᠢ ᠭᠥᠯᠢᠶᠡᠨ ᠠᠪᠴᠠᠢ᠂ ᠡᠭᠦᠨ ᠳᠤ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠭᠦᠢᠴᠡᠳᠭᠡᠭᠰᠡᠨ ᠨᠢ 25 ᠬᠤᠪᠢ ᠪᠠᠶᠢᠵᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠮᠵᠢᠶᠡᠨ ᠤ ᠡᠮᠦᠨ᠎ᠡ ᠲᠠᠪᠤ ᠳᠤ ᠵᠢᠭᠰᠠᠭᠠᠭᠳᠠᠵᠤ ᠪᠠᠶᠢᠭ᠎ᠠ ᠨᠢ ᠵᠢᠴᠢ ᠦᠢᠯᠡᠴᠢᠯᠡᠭᠡᠨ ᠤ ᠲᠣᠮᠣ ᠲᠥᠷᠥᠯ ᠨᠢ ᠢᠳᠡᠭᠡᠨ ᠤ ᠲᠥᠷᠥᠯ᠂ ᠢᠳᠡᠭᠡᠨ ᠤᠮᠳᠠᠭᠠᠨ ᠪᠠ ᠬᠤᠨᠣᠭᠯᠠᠬᠤ ᠦᠢᠯᠡᠴᠢᠯᠡᠭᠡ᠂ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ᠂ ᠪᠣᠷᠣᠯᠠᠭᠤᠯᠬᠤ ᠦᠢᠯᠡᠴᠢᠯᠡᠭᠡ᠂ ᠬᠤᠪᠴᠠᠰᠤ ᠬᠤᠨᠠᠷ ᠮᠠᠯᠠᠭᠠᠢ ᠶᠢᠨ ᠲᠥᠷᠥᠯ ᠪᠤᠯᠤᠨ᠎ᠠ᠃      ᠢᠳᠡᠭᠡᠨ᠂ ᠢᠳᠡᠭᠡᠨ ᠤᠮᠳᠠᠭᠠᠨ ᠤ ᠲᠥᠷᠥᠯ ᠤᠨ ᠵᠠᠭᠠᠯᠳᠤᠯᠭ᠎ᠠ ᠶᠢᠨ ᠭᠤᠣᠯ ᠠᠰᠠᠭᠤᠳᠠᠯ ᠪᠣᠯ ᠢᠳᠡᠭᠡᠨ ᠤᠮᠳᠠᠭᠠᠨ ᠤ ᠳᠣᠲᠣᠷ᠎ᠠ ᠣᠨᠳᠣᠣ ᠪᠣᠳᠠᠰ ᠪᠠᠶᠢᠬᠤ᠂ ᠢᠳᠡᠭᠡᠨ ᠤ ᠬᠤᠭᠤᠴᠠᠭ᠎ᠠ ᠨᠢ ᠥᠩᠭᠡᠷᠡᠭᠰᠡᠨ᠂ ᠬᠤᠭᠤᠯᠠᠨ ᠤ ᠬᠡᠷᠡᠭᠰᠡᠯ ᠤᠨ ᠠᠷᠢᠭᠤᠨ ᠴᠡᠪᠡᠷ ᠤᠨ ᠨᠥᠬᠦᠴᠡᠯ ᠠᠨᠠᠢ᠂ ᠵᠣᠭᠤᠰ ᠨᠡᠮᠡᠬᠦ ᠺᠠᠷᠲ ᠪᠤᠶᠤ ᠪᠥᠭᠡᠮ ᠢᠶᠠᠷ ᠬᠤᠳᠠᠯᠳᠤᠨ ᠠᠪᠬᠤ ᠲᠡᠮᠳᠡᠭᠲᠦ ᠵᠡᠷᠭᠡ ᠶᠢ ᠬᠡᠷᠡᠭᠯᠡᠵᠦ ᠪᠣᠯᠬᠤ ᠦᠭᠡᠢ᠂ ᠦᠨ᠎ᠡ ᠬᠠᠩᠰᠢ ᠶᠢ ᠢᠯᠡ ᠲᠡᠮᠳᠡᠭᠯᠡᠭᠰᠡᠨ ᠦᠭᠡᠢ ᠵᠡᠷᠭᠡ ᠪᠣᠯᠤᠨ᠎ᠠ᠃ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠦᠢᠯᠡᠴᠢᠯᠡᠭᠡ᠂ ᠪᠣᠷᠣᠯᠠᠭᠤᠯᠬᠤ ᠦᠢᠯᠡᠴᠢᠯᠡᠭᠡ᠂ ᠬᠤᠪᠴᠠᠰᠤ ᠬᠤᠨᠠᠷ ᠱᠠᠬᠠᠶ ᠮᠠᠯᠠᠭᠠᠶ ᠶᠢᠨ ᠲᠥᠷᠥᠯ ᠤᠨ ᠵᠠᠭᠠᠯᠳᠤᠯᠭ᠎ᠠ ᠶᠢᠨ ᠠᠰᠠᠭᠤᠳᠠᠯ ᠨᠢ ᠭᠤᠤᠯᠳᠠᠭᠤ ᠦᠨ᠎ᠡ ᠬᠠᠩᠰᠢ ᠨᠢ ᠥᠨᠳᠥᠷ᠂ ᠦᠢᠯᠡᠴᠢᠯᠡᠭᠡ ᠨᠢ ᠠᠨᠠᠶ᠂ ᠪᠢᠯᠧᠲ ᠪᠤᠴᠠᠭᠠᠬᠤ ᠶᠢᠨ ᠠᠷᠭ᠎ᠠ ᠥᠬᠡᠶ ᠵᠡᠷᠭᠡ ᠠᠰᠠᠭᠤᠳᠠᠯ ᠪᠣᠯᠤᠨ᠎ᠠ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠷ ᠤᠨ ᠡᠳᠦᠷ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠡᠷᠡᠭᠯᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠄ ᠨᠢᠭᠡ ᠳᠤ 24 ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ 12315 ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ ᠪᠦᠬᠦᠯᠢ ᠡᠳᠦᠷ ᠢᠶᠠᠷ ᠰᠠᠭᠠᠳ ᠥᠬᠡᠶ ᠨᠡᠪᠲᠡᠷᠡᠭᠦᠯᠬᠦ ᠶᠢ ᠪᠠᠲᠤᠯᠠᠪᠠ︔ ᠬᠤᠶᠠᠷ ᠲᠤ ᠬᠡᠷᠡᠭᠯᠡᠭᠡᠨ ᠤ ᠵᠢᠭᠤᠷᠠᠯᠳᠤᠭᠠᠨ ᠢ ᠱᠠᠲᠤ ᠬᠤᠪᠢᠶᠠᠨ  ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠵᠦ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠲᠣᠭᠲᠠᠴᠠ ᠪᠠᠷ ᠳᠠᠮᠵᠢᠭᠤᠯᠤᠨ ᠪᠠᠴᠢᠮ ᠠᠵᠢᠯ ᠤᠨ ᠬᠠᠭᠤᠳᠠᠰᠤ ᠶᠢ 25 ᠬᠤᠪᠢ ᠰᠢᠢᠳᠪᠦᠷᠢᠯᠡᠪᠡ︔ ᠭᠤᠷᠪᠠ ᠳᠤ᠂ ᠲᠦᠷᠭᠡᠨ ᠰᠢᠢᠳᠪᠦᠷᠢᠯᠡᠬᠦ ᠪᠢᠲᠡᠭᠦᠤ ᠴᠠᠭᠠᠷᠢᠭ ᠤᠨ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ 30 ᠮᠢᠨᠦ᠋ᠲ ᠤᠨ ᠳᠣᠲᠣᠷ᠎ᠠ ᠬᠢᠨᠠᠨ ᠪᠠᠶᠢᠴᠠᠭᠠᠬᠤ ᠵᠢᠷᠤᠮ ᠢ ᠡᠬᠢᠯᠡᠭᠦᠯᠵᠦ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠶᠠᠪᠤᠴᠠ ᠳᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠢᠯᠡ ᠪᠣᠯᠭᠠᠵᠤ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ ᠣᠯᠵᠤ ᠳᠡᠶᠢᠯᠬᠦ᠂ ᠪᠦᠲᠦᠮᠵᠢᠲᠡᠶ ᠬᠢᠨᠠᠨ ᠬᠠᠷᠭᠤᠭᠤᠯᠵᠤ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠡᠷᠡᠭᠯᠡᠭᠴᠢᠳ ᠲᠤ ᠬᠠᠷᠢᠭᠤᠯᠲᠠ ᠥᠭᠴᠦ᠂ ︽ᠵᠠᠷᠭᠤ ᠪᠠᠶᠢᠪᠠᠯ ᠵᠠᠪᠠᠯ ᠰᠢᠢᠳᠪᠦᠷᠢᠯᠡᠵᠦ᠂ ᠤᠴᠢᠷ ᠪᠠᠶᠢᠪᠠᠯ ᠵᠠᠪᠠᠯ ᠦᠷ᠎ᠡ ᠪᠦᠲᠦᠮᠵᠢ ᠲᠠᠢ ᠰᠢᠢᠳᠪᠦᠷᠢᠯᠡᠬᠦ︾ ᠶᠢ ᠦᠨᠡᠨ ᠬᠦ ᠪᠠᠲᠤᠯᠠᠵᠤ᠂ ᠣᠳᠣᠬᠠᠨ ᠳᠤ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠥᠷᠥᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠨᠢᠭᠡᠨᠲᠡ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠴᠠᠭᠠᠨ ᠰᠠᠷ᠎ᠠ ᠶᠢᠨ ᠬᠤᠭᠤᠴᠠᠭᠠᠨ ᠳᠤ ᠬᠠᠮᠲᠤᠯᠢᠭ ᠤᠨ ᠴᠢᠨᠠᠷᠲᠠᠶ ᠵᠠᠭᠠᠯᠳᠤᠯᠭ᠎ᠠ ᠪᠠ ᠴᠢᠬᠤᠯᠠ ᠶᠡᠭᠡ ᠪᠠᠴᠢᠮ ᠢᠯᠡᠴᠢᠯᠡᠨ ᠮᠡᠳᠡᠭᠦᠯᠦᠯᠲᠡ ᠭᠠᠷᠤᠭᠰᠠᠨ ᠥᠬᠡᠶ᠂ ᠪᠥᠬᠦ ᠲᠤᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠲᠣᠭᠲᠠᠭᠤᠨ ᠪᠠᠶᠢᠨ᠎ᠠ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠯᠠᠭᠤᠨ ᠳᠣᠲᠣᠨᠣ ᠰᠠᠨᠠᠭᠤᠯᠤᠮᠵᠢ᠄ ᠦᠢᠯᠡᠳᠬᠦᠨ ᠬᠤᠳᠠᠯᠳᠤᠨ ᠠᠪᠤᠭᠰᠠᠨ ᠤ ᠳᠠᠷᠠᠭ᠎ᠠ᠂ ᠬᠡᠷᠪᠡ ᠦᠢᠯᠡᠳᠬᠦᠨ ᠤ ᠶᠠᠰᠤ ᠴᠢᠨᠠᠷ ᠤᠨ ᠠᠰᠠᠭᠤᠳᠠᠯ ᠪᠤᠶᠤ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠨᠢ ᠬᠠᠯᠳᠠᠯᠭ᠎ᠠ ᠳᠤ ᠤᠴᠠᠷᠠᠭᠰᠠᠨ ᠢ ᠣᠯᠵᠤ ᠮᠡᠳᠡᠪᠡᠯ᠂ ᠴᠠᠭ ᠲᠤᠬᠠᠶ ᠳᠤᠨᠢ 12315 ᠤᠲᠠᠰᠤᠳᠠᠵᠤ ᠡᠷᠬᠡ ᠪᠠᠨ ᠬᠠᠮᠠᠭᠠᠯᠠᠭᠠᠷᠠᠢ ᠭᠡᠪᠡᠯ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭ ᠲᠤᠬᠠᠶ ᠳᠤᠨᠢ ᠮᠥᠷᠳᠡᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠥᠷᠨᠢᠭᠦᠯᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠣᠯᠤᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号