ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ︽ᠠᠵᠢᠯ ᠢᠶᠠᠨ ᠵᠣᠭᠰᠣᠭᠠᠬᠤ ᠥᠬᠡᠶ︾ ᠴᠠᠭᠠᠨ ᠰᠠᠷ᠎ᠠ ᠶᠢᠨ ᠬᠤᠭᠤᠴᠠᠭᠠᠨ ᠳᠤ ᠠᠬᠢᠴᠠ ᠶᠢ ᠪᠠᠲᠤᠯᠠᠵᠦ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠢ ᠪᠠᠲᠤᠯᠠᠨ᠎ᠠ
ᠨᠡᠶᠢᠲᠡᠯᠡᠭᠰᠡᠨ ᠴᠠᠭ᠄
2025/2/13
      ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠬᠡᠰᠡᠭ ᠠᠵᠤ ᠠᠬᠤᠶᠢᠯᠠᠯ᠂ ᠲᠥᠷᠥᠯ ᠵᠦᠢᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠠᠵᠢᠯ ᠢᠶᠠᠨ ᠵᠣᠭᠰᠣᠭᠠᠬᠤ ᠥᠬᠡᠶ ᠪᠠᠶᠢᠵᠤ᠂ ᠶᠠᠭᠠᠷᠠᠯᠲᠠᠶ ᠪᠠᠷ ᠦᠢᠯᠡᠳᠪᠦᠷᠢᠯᠡᠵᠦ᠂ ᠪᠥᠲᠥᠭᠡᠨ ᠪᠠᠶᠢᠭᠤᠯᠵᠤ᠂ ᠺᠠᠳ᠋ᠷ ᠠᠵᠢᠯᠲᠠᠨ ᠠᠵᠢᠯ ᠤᠨ ᠪᠠᠶᠢᠷᠢ ᠪᠠᠨ ᠪᠠᠲᠤ ᠰᠠᠬᠢᠵᠤ ᠴᠢᠷᠮᠠᠶᠢᠨ ᠠᠵᠢᠯᠯᠠᠵᠤ᠂ ᠡᠷᠡᠰ ᠪᠠᠲᠤ ᠢᠲᠡᠭᠡᠯ ᠵᠣᠷᠢᠭ᠂ ᠭᠦᠢᠴᠡᠳ ᠡᠷᠴᠢ ᠵᠣᠷᠢᠭ ᠢᠶᠠᠷ ᠡᠷᠡᠯᠬᠡᠭᠯᠡᠨ ᠤᠷᠤᠭᠰᠢᠯᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠪᠡ᠃      ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠩ ᠶᠤᠸᠠᠨ᠂ ᠵᠢᠩ ᠤᠣ᠂ ᠠᠳ᠋ᠰ᠂ ᠱᠠᠨ ᠱᠠᠨ ᠵᠡᠷᠭᠡ 20 ᠠᠵᠤ ᠠᠬᠤᠶᠢᠯᠠᠯ ᠦᠷᠭᠦᠯᠵᠢᠯᠡᠨ ᠦᠢᠯᠡᠳᠪᠦᠷᠢᠯᠡᠵᠦ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠵᠤ᠂ ᠡᠨᠡ ᠵᠢᠯ ᠤᠨ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠡᠭᠦᠨ ᠳᠤ᠂ ᠵᠢᠩ ᠤᠣ ᠨᠡᠷᠡᠨ ᠡᠨᠧᠷᠭᠢ ᠶᠢᠨ 20GW᠎ ᠶᠢᠨ ᠲᠠᠲᠠᠮᠠᠯ ᠲᠠᠯᠠᠰᠲᠤ ᠵᠢᠴᠢ 20GW᠎ ᠶᠢᠨ ᠬᠡᠷᠴᠢᠮᠡᠯ ᠲᠥᠷᠥᠯ ᠵᠦᠢᠯ ᠤᠨ ᠲᠤᠬᠠᠶ ᠶᠢᠨ ᠲᠠᠯᠠᠪᠤᠷ ᠮᠠᠰᠢ ᠶᠠᠭᠠᠷᠠᠯᠲᠠᠶ ᠪᠠᠶᠢᠵᠤ᠂ ᠤᠯᠠᠨ ᠠᠵᠢᠯᠴᠢᠨ ᠵᠢᠴᠢ ᠬᠠᠮᠢᠶᠠᠷᠤᠯᠲᠠ ᠶᠢᠨ ᠠᠵᠢᠯᠲᠠᠨ ᠠᠵᠢᠯ ᠤᠨ ᠪᠠᠶᠢᠷᠢ ᠳᠡᠭᠡᠷ᠎ᠡ ᠪᠠᠨ ᠬᠦᠴᠦ ᠬᠥᠯᠥᠰᠥ ᠪᠠᠨ ᠤᠷᠤᠰᠬᠠᠨ᠂ ᠪᠠᠲᠤ ᠰᠠᠬᠢᠬᠤ ᠪᠠᠷ ᠬᠠᠷᠢᠭᠤᠴᠠᠯᠭ᠎ᠠ ᠪᠠᠨ  ᠭᠦᠢᠴᠡᠳᠭᠡᠪᠡ᠃ ᠵᠢᠯ ᠤᠨ ᠭᠠᠷᠤᠯᠲᠠ ᠨᠢ 20GW᠎ ᠶᠢᠨ ᠲᠠᠲᠠᠴᠠ᠂ 20GW᠎ ᠶᠢᠨ ᠬᠡᠷᠴᠢᠮᠡᠯ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠦ᠂ ᠪᠥᠬᠦ ᠠᠵᠢᠯᠲᠠᠨ ᠠᠵᠢᠯᠴᠢᠨ ᠬᠠᠷᠠᠯᠲᠠ ᠨᠢᠭᠡᠳᠦᠯᠲᠡᠶ᠂ ᠪᠦᠯᠬᠦᠮᠳᠡᠨ ᠬᠠᠮᠵᠢᠯᠴᠠᠵᠤ᠂ ᠵᠠᠬᠢᠶᠠᠯᠠᠭ᠎ᠠ ᠶᠢᠨ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢᠨ ᠲᠥᠯᠥᠭᠡ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠰᠢᠢᠳᠪᠦᠷᠢᠯᠡᠵᠦ ᠬᠠᠩᠭᠠᠬᠤ ᠲᠥᠪ ᠤᠨ ᠲᠦᠷᠦᠯ ᠵᠦᠢᠯ ᠢ ᠣᠳᠣᠬᠠᠨ ᠳᠤ ᠨᠢᠭᠡᠨᠲᠡ ᠲᠤᠷᠰᠢᠨ ᠠᠵᠢᠯᠯᠠᠭᠤᠯᠵᠤ᠂ 6.5 ᠲᠦᠮᠡᠨ ᠪᠣᠰᠤᠭ᠎ᠠ ᠳᠥᠷᠪᠡᠯᠵᠢᠨ ᠮᠧᠲᠷ / ᠡᠳᠦᠷ ᠤᠨ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ 9 ᠲᠦᠮᠡᠨ ᠪᠣᠰᠤᠭ᠎ᠠ ᠳᠥᠷᠪᠡᠯᠵᠢᠨ ᠮᠧᠲᠷ / ᠡᠳᠦᠷ ᠤᠨ ᠳᠠᠬᠢᠯᠲᠠ ᠤᠰᠤ ᠶᠢ ᠭᠦᠨᠵᠡᠭᠡᠢ ᠰᠢᠢᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠲᠤᠰ ᠲᠦᠷᠦᠯ ᠵᠦᠢᠯ ᠤᠨ ᠨᠢᠭᠡᠳᠦᠭᠡᠷ ᠹᠷᠣᠨᠲ ᠲᠤ ᠮᠥᠨ ᠯᠡ ᠶᠠᠭᠠᠷᠠᠯᠲᠠᠢ ᠪᠠᠶᠢᠳᠠᠯ ᠢᠯᠡᠷᠡᠵᠦ᠂ ᠤᠯᠠᠨ ᠢᠶᠠᠷ ᠢᠶᠠᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠶᠤᠨ ᠤᠬᠠᠭᠠᠨ᠂ ᠬᠦᠴᠦ ᠬᠥᠯᠥᠰᠥ ᠪᠠᠷ ᠢᠶᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠠᠮᠠᠭᠠᠯᠠᠵᠤ᠂ ᠦᠢᠯᠡᠳᠪᠦᠷᠢ ᠶᠢᠨ ᠲᠣᠭᠤᠷᠢᠭ ᠤᠨ ᠵᠠᠮ ᠵᠢᠴᠢ ᠬᠤᠯᠪᠣᠭᠳᠠᠯ ᠪᠦᠬᠦᠢ ᠰᠡᠭᠦᠯ ᠬᠤᠷᠢᠶᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠤᠨ ᠤᠰᠤ ᠬᠡᠷᠡᠭᠯᠡᠬᠦ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ ᠠᠢ ᠰᠢ ᠮᠠ ᠰᠢᠨ᠎ᠡ ᠡᠨᠧᠷᠭᠢ ᠶᠢᠨ ᠠᠵᠤ ᠦᠢᠯᠡᠳᠪᠦᠷᠢ ᠶᠢᠨ ᠬᠥᠯᠳᠡᠭᠡᠬᠦ ᠪᠠ ᠬᠥᠷᠥᠭᠡᠬᠦ ᠲᠥᠬᠦᠭᠡᠷᠦᠮᠵᠢ ᠶᠢ ᠦᠢᠯᠡᠳᠪᠦᠷᠢᠯᠡᠵᠦ ᠦᠢᠯᠡᠳᠬᠦ ᠲᠥᠷᠥᠯ ᠵᠦᠢᠯ ᠨᠢ 1 ᠳ᠋ᠦ᠋ᠭᠡᠷ ᠨᠣᠮᠧᠷᠲᠤ ᠦᠢᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠦᠷᠭᠦᠯᠵᠢᠯᠡᠨ ᠪᠠᠷᠢᠯᠭ᠎ᠠ ᠪᠠᠷᠢᠬᠤ ᠶᠢ ᠪᠠᠷᠢᠮᠲᠠᠯᠠᠨ᠂ ᠲᠣᠬᠢᠷᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠷᠢᠯᠭ᠎ᠠ ᠶᠢᠨ ᠲᠥᠬᠦᠭᠡᠷᠦᠮᠵᠢ ᠪᠠ ᠠᠵᠢᠯᠲᠠᠨ ᠤ ᠣᠷᠣᠭᠤᠯᠤᠯᠲᠠ ᠶᠢ ᠪᠠᠲᠤᠯᠠᠨ᠂ ᠪᠠᠷᠢᠯᠭ᠎ᠠ ᠶᠢᠨ ᠬᠤᠭᠤᠴᠠᠭ᠎ᠠ ᠶᠢ  ᠪᠠᠶᠢᠷᠢᠯᠠᠭᠤᠯᠵᠤ᠂ ᠠᠰᠢᠭᠯᠠᠯᠲᠠ ᠳᠤ ᠣᠷᠣᠭᠤᠯᠬᠤ ᠡᠭᠦᠷᠭᠡ ᠪᠠᠨ ᠲᠦᠷᠭᠡᠬᠡᠨ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠡᠳ᠋ ᠪᠣᠳᠠᠰ ᠤᠨ ᠡᠷᠭᠢᠯᠲᠡ ᠢᠯᠭᠤᠮ ᠤᠷᠤᠭᠰᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠭᠦᠸᠧ ᠬᠤᠶ ᠱᠦᠨ ᠹᠧᠩ ᠲᠦᠷᠭᠡᠨ ᠬᠦᠷᠭᠡᠯᠲᠡ ᠶᠢᠨ ᠪᠠᠷᠠᠭᠤᠨ ᠬᠤᠶᠢᠲᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ  ᠵᠦᠢᠯ ᠤᠨ ᠠᠵᠢᠯᠲᠠᠳ ᠡᠷᠴᠢ ᠵᠣᠷᠢᠭ ᠢᠶᠠᠨ ᠬᠥᠪᠴᠢᠯᠡᠵᠦ᠂ 4 ᠵᠤᠷᠪᠤᠰ ᠬᠤᠪᠢᠶᠠᠨ ᠰᠠᠯᠭᠠᠬᠤ ᠱᠤᠭᠤᠮ ᠬᠠᠩᠭᠠᠬᠤ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠡᠳ᠋ ᠪᠣᠳᠠᠰ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠡᠮᠬᠢᠯᠡᠵᠦ᠂ ᠡᠬᠡ ᠲᠠᠩᠰᠠ ᠪᠠᠶᠢᠭᠤᠯᠤᠨ᠂ ᠬᠠᠩᠭᠠᠯᠭ᠎ᠠ ᠶᠢᠨ ᠬᠤᠳᠠᠯᠳᠤᠭᠠᠴᠢᠨ ᠢ ᠰᠢᠮᠳᠠᠭᠤᠯᠵᠤ ᠪᠠᠶᠢᠭᠠᠳ ᠤᠷᠢᠳᠴᠢᠯᠠᠨ ᠪᠠᠷᠠᠭ᠎ᠠ ᠬᠠᠩᠭᠠᠵᠤ᠂ ᠭᠤᠤᠯᠳᠠᠯᠭ᠎ᠠ ᠲᠠᠢ ᠡᠳ᠋ ᠪᠣᠳᠠᠰ ᠤᠨ ᠬᠠᠩᠭᠠᠯᠭ᠎ᠠ ᠶᠢᠨ ︽ᠰᠠᠭᠠᠳ ᠥᠬᠡᠶ︾ ᠪᠠᠶᠢᠬᠤ ᠶᠢ ᠦᠨᠡᠨ ᠬᠦ ᠪᠠᠲᠤᠯᠠᠪᠠ᠃      ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠢᠶᠠᠨ ᠵᠣᠭᠰᠣᠭᠠᠳᠤᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠲᠤᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢ ᠲᠠᠶᠢᠯᠪᠤᠷᠢᠯᠠᠵᠤ᠂ ᠬᠦᠷᠢᠶᠡᠯᠡᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ᠃ ᠡᠭᠦᠨ ᠤ ᠬᠠᠮᠲᠤ᠂ ᠴᠠᠭᠠᠨ ᠰᠠᠷ᠎ᠠ ᠶᠢᠨ ᠬᠤᠭᠤᠴᠠᠭᠠᠨ ᠳᠤ ᠠᠮᠤᠷ ᠲᠦᠪᠰᠢᠨ ᠤ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ᠂ ᠠᠶᠤᠯᠲᠠᠢ ᠬᠢᠮᠢ ᠶᠢᠨ ᠪᠣᠳᠠᠰ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ 16 ᠨᠢᠭᠡᠴᠢ ᠶᠢ ᠪᠠᠶᠢᠴᠠᠭᠠᠵᠤ᠂ 32 ᠵᠤᠷᠪᠤᠰ ᠳᠠᠯᠳᠠ ᠬᠡᠮ ᠤᠨ ᠠᠰᠠᠭᠤᠳᠠᠯ ᠢ ᠢᠯᠡᠷᠡᠭᠦᠯᠵᠦ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠨᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠢᠶᠠᠨ ᠵᠣᠭᠰᠣᠭᠠᠭᠰᠠᠨ ᠲᠥᠷᠥᠯ ᠵᠦᠢᠯ ᠳᠤ ᠴᠢᠭᠯᠡᠭᠦᠯᠦᠨ᠂ ᠠᠵᠢᠯ ᠢᠶᠠᠨ ᠰᠡᠷᠭᠦᠭᠡᠬᠦ ᠲᠥᠯᠥᠪᠯᠡᠭᠡ ᠶᠢ ᠤᠷᠢᠳᠴᠢᠯᠠᠨ ᠲᠣᠭᠲᠠᠭᠠᠵᠤ᠂ ᠤᠷᠢᠳᠠᠪᠠᠷ ᠠᠵᠢᠯ ᠡᠬᠢᠯᠡᠭᠦᠯᠬᠦ ᠴᠡᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯ ᠰᠢᠪᠲᠤᠯᠤᠯᠲᠠ ᠶᠢᠨ ᠴᠢᠭᠯᠡᠯ ᠢᠶᠠᠨ ᠲᠣᠳᠣᠷᠬᠠᠶᠢᠯᠠᠵᠤ᠂ ᠲᠥᠷᠥᠯ ᠵᠦᠢᠯ ᠤᠨ ︽ᠠᠵᠢᠯ ᠢᠶᠠᠨ ᠡᠷᠲᠡᠬᠡᠨ ᠰᠡᠷᠭᠦᠭᠡᠬᠦ︾᠎ ᠳᠤ ᠲᠤᠯᠭᠠᠷᠠᠭᠰᠠᠨ ᠬᠦᠴᠢᠷ ᠠᠰᠠᠭᠤᠳᠠᠯ ᠢ ᠲᠡᠷᠡ ᠳᠠᠷᠤᠶ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠥᠷᠨᠢᠯᠲᠡ ᠶᠢ ᠪᠣᠶ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号