ᠶᠢᠨ ᠬᠠᠶ ᠨᠡᠶᠢᠭᠡᠮ ᠲᠣᠭᠤᠷᠢᠭ ᠤᠨ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2025/2/14
      2025 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠡᠴᠦᠰ ᠤᠨ ᠬᠤᠭᠤᠴᠠᠭᠠᠨ ᠳᠤ ᠣᠷᠣᠵᠤ᠂ ᠶᠢᠨ ᠬᠠᠶ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠤᠬᠠᠭᠤᠯᠭ᠎ᠠ ᠪᠠ ᠬᠤᠷᠢᠶᠠᠨ ᠠᠪᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠥᠬᠦ ᠠᠷᠠᠳ ᠤᠨ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ︽ᠪᠠᠲᠤᠯᠠᠭ᠎ᠠ ᠶᠢᠨ ᠱᠤᠭᠤᠮ︾᠎ ᠢ ᠦᠨᠡᠨ ᠬᠦ ᠪᠠᠬᠢᠵᠢᠭᠦᠯᠪᠡ᠃      ᠤᠯᠠᠨ ᠠᠷᠭ᠎ᠠ ᠵᠠᠮ ᠢᠶᠠᠷ ᠤᠬᠠᠭᠤᠯᠵᠤ᠂ ᠲᠦᠷᠦ ᠶᠢᠨ ᠪᠤᠳᠤᠯᠭ᠎ᠠ ᠶᠢ ᠮᠡᠳᠡᠬᠦ ᠨᠤᠷᠮ᠎ᠠ ᠶᠢ ᠲᠡᠬᠡᠭᠰᠢᠯᠡᠬᠦᠯᠦᠨ᠎ᠠ      ᠶᠢᠨ ᠬᠠᠢ ᠨᠡᠶᠢᠭᠡᠮ ᠲᠣᠭᠤᠷᠢᠭ ᠸᠢᠴᠠᠲ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠬᠠᠮᠢᠶ᠎ᠠ ᠪᠥᠬᠦᠶ ᠮᠡᠳᠡᠭᠡ ᠵᠠᠩᠭᠢ ᠶᠢ ᠭᠦᠢᠴᠡᠳ ᠠᠰᠢᠭᠯᠠᠨ ᠬᠦᠷᠭᠡᠵᠦ᠂ ᠰᠦᠢᠳᠭᠡᠯ ᠲᠤᠰᠢᠶᠠᠬᠤ ᠪᠠᠷᠢᠮᠵᠢᠶ᠎ᠠ᠂ ᠳᠠᠭᠤᠰᠬᠤ ᠴᠠᠭ᠂ ᠰᠦᠢᠳᠭᠡᠯ ᠲᠤᠰᠢᠶᠠᠬᠤ ᠠᠷᠭ᠎ᠠ ᠮᠠᠶ᠋ᠢᠭ ᠵᠡᠷᠭᠡ ᠵᠠᠩᠭᠢᠯᠠᠭ᠎ᠠ ᠶᠢᠨ ᠠᠭᠤᠯᠭ᠎ᠠ ᠶᠢ ᠪᠠᠭᠲᠠᠭᠠᠬᠤ ᠶᠢᠨ ᠬᠠᠮᠲᠤ ᠪᠠᠰᠠ ᠵᠠᠷᠢᠮ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠵᠣᠬᠢᠶᠠᠯ ᠪᠠ ᠸᠢᠳᠢᠣ᠋ ᠶᠢ ᠬᠤᠪᠢᠶᠠᠯᠴᠠᠵᠤ᠂ ᠰᠠᠭᠤᠭᠠᠯᠢ ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠴᠢᠬᠤᠯᠠ ᠴᠢᠨᠠᠷ ᠢ ᠨᠠᠩ ᠭᠦᠨᠵᠡᠭᠡᠶ ᠣᠶᠢᠯᠠᠭᠠᠭᠤᠯᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠤᠲᠠᠰᠤᠳᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠠᠯᠢ ᠲᠦᠷᠭᠡᠨ ᠢᠶᠠᠷ ᠰᠦᠢᠳᠬᠡᠯ ᠲᠤᠰᠢᠶᠠᠬᠤ ᠶᠢ ᠮᠡᠳᠡᠭᠳᠡᠵᠦ᠂ ᠢᠯᠠᠩᠭᠤᠶ᠎ᠠ ᠵᠠᠷᠢᠮ ᠨᠠᠰᠤ ᠨᠢ ᠨᠡᠯᠢᠶᠡᠳ ᠶᠡᠭᠡ᠂ ᠭᠠᠷ ᠤᠲᠠᠰᠤᠨ ᠤ ᠠᠵᠢᠯᠯᠠᠭ᠎ᠠ ᠶᠢ ᠰᠠᠶᠢᠨ ᠮᠡᠳᠡᠬᠦ ᠦᠭᠡᠢ ᠰᠠᠭᠤᠭᠠᠯᠢ ᠠᠷᠠᠳ ᠲᠤ ᠰᠦᠢᠳᠬᠡᠯ ᠲᠤᠰᠢᠶᠠᠬᠤ ᠶᠠᠪᠤᠴᠠ ᠪᠠ ᠠᠩᠬᠠᠷᠬᠤ ᠵᠦᠢᠯᠡᠰ ᠢ ᠨᠠᠷᠢᠨ ᠲᠣᠳᠣᠷᠬᠠᠶ ᠬᠡᠯᠡᠵᠦ ᠥᠭᠪᠡ᠃      ᠳᠣᠲᠣᠨᠣ ᠦᠢᠯᠡᠴᠢᠯᠡᠭᠡ ᠪᠠᠷ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠪᠠ ᠰᠦᠢᠳᠬᠡᠯ ᠲᠤᠰᠢᠶᠠᠬᠤ ᠳᠤ ᠬᠦᠴᠦᠨ ᠨᠡᠮᠡᠷᠢᠯᠡᠨ᠎ᠡ      ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠬᠢᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠨᠡᠶᠢᠭᠡᠮ ᠲᠣᠭᠤᠷᠢᠭ ᠲᠤᠰᠬᠠᠶᠢᠯᠠᠨ ᠦᠢᠯᠡᠴᠢᠯᠡᠭᠡᠨ ᠤ ᠴᠤᠩᠬᠤᠪᠴᠢ ᠲᠤᠬᠢᠷᠠᠭᠤᠯᠵᠦ᠂ ᠲᠤᠰᠬᠠᠶ ᠬᠥᠮᠦᠨ ᠲᠣᠬᠢᠷᠠᠭᠤᠯᠤᠨ ᠰᠠᠭᠤᠭᠠᠯᠢ ᠠᠷᠠᠳ ᠲᠤ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠪᠠ ᠬᠠᠪᠰᠤᠷᠤᠯᠭ᠎ᠠ ᠬᠠᠩᠭᠠᠪᠠ᠃ ᠠᠵᠢᠯᠲᠠᠳ ᠰᠠᠭᠤᠭᠠᠯᠢ ᠠᠷᠠᠳ ᠤᠨ ᠪᠡᠶ᠎ᠡ ᠬᠡᠮ ᠤᠨ ᠮᠡᠳᠡᠭᠡ ᠵᠠᠩᠭᠢ ᠶᠢ ᠨᠠᠷᠢᠨ ᠨᠢᠮᠪᠠᠶ ᠬᠠᠷᠭᠤᠭᠤᠯᠵᠤ᠂ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠰᠠᠭᠤᠳᠠᠯ ᠢ ᠠᠰᠠᠭᠤᠨ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠲᠤ ᠬᠦᠯᠢᠴᠡᠩᠭᠦᠶ ᠪᠠᠷ ᠬᠠᠷᠢᠭᠤᠯᠲᠠ ᠥᠭᠴᠦ᠂ ᠠᠳᠠᠯᠢ ᠪᠤᠰᠤ ᠪᠠᠶᠢᠳᠠᠯ ᠳᠤ ᠴᠢᠭᠯᠡᠭᠦᠯᠦᠨ ᠵᠦᠶ ᠵᠣᠬᠢᠰᠲᠠᠶ ᠰᠠᠨᠠᠭᠤᠯᠭ᠎ᠠ ᠭᠠᠷᠭᠠᠵᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠠᠷᠭ᠎ᠠ ᠮᠠᠶ᠋ᠢᠭ ᠵᠢᠴᠢ ᠪᠣᠳᠠᠲᠠᠶ ᠠᠵᠢᠯᠯᠠᠬᠤ ᠠᠯᠬᠤᠮ ᠳᠠᠷᠠᠭ᠎ᠠ ᠶᠢ ᠨᠠᠷᠢᠨ ᠲᠠᠨᠢᠯᠴᠠᠭᠤᠯᠬᠤ ᠶᠢᠨ ᠬᠠᠮᠲᠤ᠂ ᠰᠦᠢᠳᠬᠡᠯ ᠲᠤᠰᠢᠶᠠᠬᠤ ᠶᠠᠪᠤᠴᠠ ᠳᠤ ᠵᠠᠷᠢᠮ ᠠᠰᠠᠭᠤᠳᠠᠯ ᠲᠤᠯᠭᠠᠷᠠᠭᠰᠠᠨ ᠰᠠᠭᠤᠭᠠᠯᠢ ᠠᠷᠠᠳ ᠲᠤ᠂ ᠬᠡᠷᠪᠡ ᠵᠤᠭᠤᠰ ᠲᠤᠰᠢᠶᠠᠵᠦ ᠳᠡᠶᠢᠯᠦᠭᠰᠡᠨ ᠦᠭᠡᠢ᠂ ᠮᠡᠳᠡᠭᠡ ᠵᠠᠩᠭᠢ ᠨᠢ ᠪᠤᠷᠤᠭᠤ ᠵᠡᠷᠭᠡ ᠪᠠᠶᠢᠪᠠᠯ᠂ ᠠᠵᠢᠯᠲᠠᠳ ᠢᠳᠡᠪᠬᠢᠲᠡᠶ ᠪᠠᠷ ᠬᠠᠮᠵᠢᠯᠴᠠᠨ ᠰᠢᠢᠳᠪᠦᠷᠢᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠨᠡᠪᠲᠡᠷᠡᠯᠴᠡᠨ ᠵᠣᠬᠢᠴᠠᠭᠤᠯᠵᠤ᠂ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ᠃      ᠶᠢᠨ ᠬᠠᠶ ᠨᠡᠶᠢᠭᠡᠮ ᠲᠣᠭᠤᠷᠢᠭ ᠤᠨ ᠪᠥᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠣᠰ ᠤᠳᠠᠭᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠣᠲᠣ ᠪᠣᠯᠲᠠᠯ᠎ᠠ᠂ ᠶᠢᠨ ᠬᠠᠶ ᠨᠡᠶᠢᠭᠡᠮ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠡᠳᠦᠶ ᠲᠡᠳᠦᠶ ᠨᠡᠮᠡᠭᠳᠡᠵᠦ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠴᠦ ᠶᠡᠭᠡ ᠪᠠᠷ ᠳᠡᠭᠡᠭᠰᠢᠯᠡᠪᠡ᠃ ᠬᠤᠶᠢᠰᠢᠳᠠ ᠶᠢᠨ ᠠᠵᠢᠯ ᠤᠨ ᠳᠤᠮᠳᠠ ᠪᠠᠨ ᠶᠢᠨ ᠬᠠᠢ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠲᠤ ᠦᠢᠯᠡᠴᠢᠯᠡᠬᠦ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠠᠵᠢᠯ ᠤᠨ ᠠᠷᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号