ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2025/2/14
      2 ᠰᠠᠷ᠎ᠠ ᠶᠢᠨ 13᠎ ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠭᠤᠯᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ︾ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠵᠦ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠵᠢᠴᠢ ᠪᠦᠬᠦ ᠲᠤᠭᠤᠷᠢᠭ ᠤᠨ ᠵᠢᠩᠬᠢᠨᠢ ᠰᠠᠯᠠᠭᠠᠨ ᠤ ᠲᠡᠰ ᠤᠨ 200 ᠭᠠᠷᠤᠢ ᠬᠥᠮᠦᠨ ᠬᠤᠷᠠᠯ ᠳᠤ ᠣᠷᠣᠯᠴᠠᠪᠠ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠪᠦᠬᠦ ᠤᠳᠤᠷᠢᠳᠬᠤ ᠺᠠᠳ᠋ᠷ ᠰᠡᠷᠡᠮᠵᠢᠯᠡᠬᠦ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾᠎ ᠶᠢ ᠬᠠᠮᠲᠤ ᠪᠠᠷ ᠰᠣᠨᠢᠷᠬᠠᠬᠤ ᠶᠢᠨ ᠬᠠᠮᠲᠤ᠂ ᠬᠤᠷᠠᠯ ᠠᠴᠠ ᠥᠪᠥᠷ ᠮᠣᠩᠭᠤᠯ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠤᠳᠤᠯᠭᠠᠨ ᠤ ᠲᠥᠪ ᠤᠨ ᠡᠷᠬᠢᠯᠡᠭᠴᠢ ᠵᠠᠩ ᡁᠢ ᠵᠦᠩ ᠢ ᠤᠷᠢᠵᠤ ︽ᠰᠠᠬᠢᠯᠭ᠎ᠠ ᠪᠠᠲᠤ ᠶᠢ ᠰᠠᠬᠢᠵᠤ᠂ ᠶᠣᠰᠣ ᠲᠦᠷᠢᠮ ᠢ ᠡᠷᠬᠢᠮᠯᠡᠵᠦ᠂ ᠬᠠᠷᠢᠭᠤᠴᠠᠯᠭ᠎ᠠ ᠲᠠᠢ ᠪᠠᠶᠢᠬᠤ︾ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠵᠠᠩ ᡁᠢ ᠵᠦᠩ ᠡᠷᠬᠢᠯᠡᠭᠴᠢ ᠶᠠᠭᠤᠨ ᠳᠤ᠂ ᠬᠡᠷᠬᠢᠨ ᠬᠢᠬᠦ ᠵᠡᠷᠭᠡ ᠲᠠᠯ᠎ᠠ ᠠᠴᠠ ᠨᠠᠮ ᠤᠨ ᠲᠥᠪ ᠬᠤᠷᠢᠶᠠᠨ ᠤ ᠪᠦᠬᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠠᠶᠢᠯᠪᠤᠷᠢᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠬᠦ ᠳᠤ ᠴᠢᠬᠤᠯᠠ ᠵᠢᠯᠤᠭᠤᠳᠤᠯᠭ᠎ᠠ ᠬᠠᠩᠭᠠᠵᠠᠢ᠃      ᠬᠤᠷᠠᠯ ᠠᠴᠠ᠂ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠵᠢᠴᠢ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠲᠡᠭᠦᠨ ᠤ ᠭᠤᠣᠯ ᠴᠢᠮᠥᠭᠡ ᠴᠢᠬᠤᠯᠠ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠲᠤ ᠬᠢᠬᠦ ᠬᠥᠮᠦᠵᠢᠯ᠂ ᠬᠠᠮᠢᠶᠠᠷᠤᠯᠲᠠ ᠪᠣᠯᠤᠨ ᠬᠢᠨᠠᠯᠲᠠ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠢ ᠴᠢᠩᠭ᠎ᠠ ᠠᠩᠬᠠᠷᠴᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠣᠰᠣ ᠲᠦᠷᠢᠮ ᠶᠣᠰᠣᠭᠠᠷ ᠪᠡᠶ᠎ᠡ ᠪᠠᠨ ᠵᠠᠰᠠᠵᠤ ᠠᠵᠢᠯ ᠬᠢᠬᠦ ᠶᠢ ᠪᠠᠲᠤᠯᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠢᠮᠠᠭᠲᠠ ᠲᠡᠷᠢᠭᠦᠨ ᠳᠤ ᠲᠠᠯᠪᠢᠵᠤ᠂ ᠰᠠᠬᠢᠯᠭ᠎ᠠ ᠪᠠᠲᠤ ᠶᠢᠨ ᠬᠠᠲᠠᠭᠤ ᠪᠠ ᠲᠥᠪ ᠴᠢᠩᠭ᠎ᠠ ᠴᠢᠨᠠᠷ ᠢ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠳᠤ ᠴᠢᠭᠯᠡᠭᠦᠯᠦᠨ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠵᠠᠯᠬᠠᠭᠠᠨ ᠰᠢᠢᠳᠭᠡᠬᠦ ᠪᠠ ᠬᠥᠮᠦᠵᠢᠭᠦᠯᠬᠦ ᠬᠤᠶᠠᠷ ᠲᠠᠯ᠎ᠠ ᠠᠴᠠ ᠭᠠᠷᠳᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠴᠢᠩᠱᠠᠨ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号