ᠰᠢᠨ᠎ᠡ ᠵᠢᠯ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠡᠷᠡᠯᠬᠡᠭᠯᠡᠨ ᠤᠷᠤᠭᠰᠢᠯᠠᠬᠤ ᠨᠢ ᠶᠠᠭ ᠴᠠᠭ ᠲᠠᠭᠠᠨ | ᠪᠠᠶᠢᠨ᠎ᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠬᠢᠨᠠᠨ ᠪᠤᠳᠤᠬᠤ ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠳᠤᠯᠭᠠᠨ ᠤ | ᠬᠡᠯᠪᠡᠷᠢ ᠶᠢᠨ ᠬᠢᠨᠠᠨ ᠪᠤᠳᠤᠬᠤ ᠠᠵᠢᠯ ᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ 2025 ᠣᠨ ᠤ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠢᠨᠠᠨ ᠪᠤᠳᠤᠬᠤ ᠠᠵᠢᠯ ᠢ ᠨᠠᠷᠢᠨ ᠨᠢᠮᠪᠠᠶ ᠲᠥᠯᠥᠪᠯᠡᠨ | ᠪᠠᠶᠢᠷᠢᠯᠠᠭᠤᠯᠵᠤ᠂ ᠰᠢᠨ᠎ᠡ ᠨᠢᠭᠡ ᠵᠢᠯ ᠤᠨ ᠬᠢᠨᠠᠨ ᠪᠤᠳᠤᠬᠤ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ | ᠪᠠᠲᠤᠯᠠᠪᠠ᠃ | ᠨᠢᠭᠡ ᠳᠤ᠂ ᠭᠤᠣᠯᠳᠠᠯᠭ᠎ᠠ ᠲᠠᠢ ᠲᠥᠯᠥᠪᠵᠢᠭᠦᠯᠵᠦ᠂ ᠪᠣᠳᠠᠲᠠᠢ ᠶᠢ ᠡᠷᠬᠢᠮᠯᠡᠨ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠦᠪᠯᠡᠷᠡᠭᠦᠯᠦᠨ᠎ᠡ᠃ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠨ ᠵᠣᠯᠭᠠᠭᠤᠯᠵᠤ᠂ ᠵᠠᠰᠠᠭ ᠤᠨ ᠣᠷᠳᠣᠨ ᠤ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠡᠬᠡ ᠲᠠᠩᠰᠠ ᠶᠢ ᠪᠠᠶᠢᠭᠤᠯᠤᠨ᠂ ᠴᠢᠩᠱᠠᠨ | ᠲᠣᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠪᠠᠷᠢᠯᠭ᠎ᠠ ᠶᠢᠨ ᠲᠥᠷᠥᠯ | ᠵᠦᠢᠯ ᠤᠨ ᠲᠥᠷᠥᠯ ᠵᠦᠢᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ | ᠠᠬᠢᠴᠠ ᠵᠡᠷᠭᠡ ᠪᠣᠳᠠᠲᠠᠶ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠵᠠᠰᠠᠭ ᠤᠨ ᠣᠷᠳᠣᠨ ᠤ ᠪᠠᠯᠠ ᠣᠷᠣᠭᠤᠯᠵᠤ | ᠰᠢᠨ᠎ᠡ ᠪᠠᠷ ᠨᠡᠮᠡᠭᠳᠡᠭᠰᠡᠨ ᠢᠨᠵᠧᠨᠧᠷᠢᠩ ᠤᠨ ᠲᠥᠷᠥᠯ ᠵᠦᠢᠯ ᠢ ᠴᠠᠭ ᠲᠤᠬᠠᠶ ᠳᠤᠨᠢ ᠬᠢᠨᠠᠯᠲᠠ ᠲᠠᠯᠪᠢᠬᠤ | ᠬᠡᠪᠴᠢᠶᠡᠨ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠢᠨᠠᠨ ᠪᠤᠳᠤᠬᠤ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ | ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠲᠤᠭᠤᠷᠢᠭ ᠤᠨ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠤᠤᠯᠳᠠᠯᠭ᠎ᠠ ᠲᠠᠢ ᠠᠩᠬᠠᠷᠴᠤ᠂ ᠣᠨ ᠤ ᠬᠢᠨᠠᠨ ᠪᠤᠳᠤᠬᠤ ᠲᠥᠷᠥᠯ | ᠵᠦᠢᠯ ᠢ ᠪᠥᠬᠦ ᠲᠠᠯ᠎ᠠ ᠪᠠᠷ ᠲᠥᠯᠥᠪᠵᠢᠭᠦᠯᠵᠦ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ᠂ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ᠃ | ᠬᠤᠶᠠᠷ ᠲᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠲᠦᠷᠦᠯ | ᠵᠦᠢᠯ ᠢ ᠴᠣᠭᠴᠠᠯᠠᠨ᠎ᠠ᠃ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢᠨ | ᠲᠣᠭᠤᠷᠢᠨ ᠳᠤ᠂ ᠬᠢᠨᠠᠨ ᠪᠤᠳᠤᠬᠤ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠥᠷᠥᠯ | ᠵᠦᠢᠯ ᠤᠨ ᠲᠥᠷᠥᠯ ᠵᠦᠢᠯ ᠲᠣᠭᠲᠠᠭᠠᠵᠤ ᠬᠢᠨᠠᠨ ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ | ᠬᠦᠯᠢᠶᠡᠬᠦ᠂ ᠪᠠᠷᠢᠯᠭ᠎ᠠ ᠶᠢᠨ ᠬᠠᠮᠢᠶᠠᠷᠤᠯᠲᠠ᠂ ᠢᠨᠵᠧᠨᠧᠷᠢᠩ ᠤᠨ ᠳ᠋ᠦᠩᠨᠡᠨ ᠪᠤᠳᠤᠬᠤ᠂ ᠪᠡᠯᠡ ᠣᠷᠣᠭᠤᠯᠤᠯᠲᠠ ᠶᠢᠨ | ᠠᠮᠵᠢᠯᠲᠠ ᠪᠦᠲᠦᠮᠵᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠤᠳᠤᠯᠭᠠᠨ ᠤ ᠬᠡᠯᠪᠡᠷᠢ ᠶᠢᠨ | ᠰᠡᠳᠬᠢᠬᠦᠢ ᠶᠢ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠪᠦᠬᠦ ᠶᠠᠪᠤᠴᠠ ᠳᠤ ᠲᠤᠭᠤᠰᠢᠯᠠᠭᠤᠯᠵᠦ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠪᠠ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ᠂ | ᠢᠨᠵᠧᠨᠧᠷᠢᠩ ᠤᠨ ᠪᠠᠶᠢᠭᠤᠯᠤᠯᠲᠠ ᠶᠢᠨ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠢ ᠴᠢᠩᠭᠠᠳᠬᠠᠵᠤ᠂ | ᠪᠡᠯᠡ ᠣᠷᠣᠭᠤᠯᠤᠯᠲᠠ ᠶᠢᠨ ᠬᠢᠨᠠᠨ ᠪᠤᠳᠤᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠬᠢᠨᠠᠨ | ᠪᠤᠳᠤᠬᠤ ᠠᠵᠢᠯ ᠤᠨ ᠨᠠᠷᠢᠯᠢᠭ ᠣᠨᠣᠪᠴᠢᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠴᠢᠩᠭᠠᠳᠬᠠᠨ᠎ᠠ᠃ ᠡᠭᠦᠨ ᠤ | ᠬᠠᠮᠲᠤ᠂ ᠬᠢᠨᠠᠨ ᠪᠤᠳᠤᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠰᠠᠭᠤᠳᠠᠯ ᠢ | ᠭᠦᠨᠵᠡᠭᠡᠶ ᠠᠭᠤᠳᠠᠯᠬᠤ ᠶᠢᠨ ᠬᠠᠮᠲᠤ ᠨᠠᠷᠢᠯᠢᠭ ᠤᠨᠤᠪᠴᠢᠲᠠᠢ ᠢᠯᠡᠷᠡᠭᠦᠯᠵᠦ᠂ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠬᠠᠮᠢᠶᠠᠷᠤᠯᠲᠠ ᠶᠢ | ᠠᠬᠢᠭᠤᠯᠤᠨ᠎ᠠ᠃ | ᠭᠤᠷᠪᠠ ᠳᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠡᠩᠨᠡᠭᠡᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠶᠡᠷᠦᠩᠬᠡᠶ ᠱᠠᠭᠠᠷᠳᠠᠯᠭ᠎ᠠ ᠶᠢᠨ | ᠲᠣᠭᠤᠷᠢᠨ ᠳᠤ᠂ ᠬᠢᠨᠠᠨ ᠪᠤᠳᠤᠬᠤ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠲᠠᠯ᠎ᠠ ᠶᠢ ᠭᠦᠨᠵᠡᠭᠡᠶ | ᠡᠷᠢᠵᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠲᠦᠷᠢᠮ ᠤᠨ | ᠳᠤᠲᠠᠭᠳᠠᠯ ᠢ ᠨᠥᠬᠦᠪᠥᠷᠢᠯᠡᠵᠦ᠂ ᠲᠣᠭᠲᠠᠴᠠ ᠶᠢᠨ ᠲᠦᠭᠵᠢᠷᠡᠯ ᠢ ᠰᠢᠪᠲᠤᠯᠤᠨ᠂ ᠰᠢᠯᠢᠳᠡᠭ ᠬᠢᠨᠠᠨ ᠪᠤᠳᠤᠬᠤ ᠲᠥᠷᠥᠯ | ᠵᠦᠢᠯ᠂ ᠰᠢᠯᠢᠳᠡᠭ ᠬᠢᠨᠠᠨ ᠪᠤᠳᠤᠬᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢᠳᠠᠵᠤ᠂ | ᠰᠢᠯᠢᠳᠡᠭ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠨ᠎ᠠ᠃ ᠪᠠᠶᠢᠴᠠᠭᠠᠵᠤ ᠳᠡᠶᠢᠯᠬᠦ ᠬᠡᠯᠡᠵᠦ ᠳᠡᠶᠢᠯᠬᠦ ᠪᠢᠴᠢᠵᠦ | ᠳᠡᠶᠢᠯᠬᠦ ᠲᠤᠭ᠎ᠠ ᠪᠠᠷᠢᠮᠲᠠ ᠶᠢ ᠵᠠᠳᠠᠯᠠᠵᠦ ᠳᠡᠶᠢᠯᠬᠦ ︽ᠳᠥᠷᠪᠡᠨ ᠴᠢᠳᠠᠪᠤᠷᠢ︾ ᠶᠢ ᠦᠷᠭᠦᠯᠵᠢᠯᠡᠨ ᠳᠡᠭᠡᠭᠰᠢᠯᠡᠭᠦᠯᠵᠦ᠂ | ᠬᠢᠨᠠᠨ ᠪᠤᠳᠤᠬᠤ ᠦᠢᠯᠡᠳᠦᠯᠭᠡ ᠶᠢ ᠨᠢᠭᠡᠳᠦᠭᠡᠷ ᠭᠦᠶᠦᠯᠲᠡ ᠶᠢᠨ ᠵᠠᠮ ᠪᠣᠯᠭᠠᠵᠤ᠂ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢ ᠬᠢᠨᠠᠨ ᠪᠤᠳᠤᠬᠤ ᠦᠨᠳᠦᠰᠦᠨ ᠴᠢᠳᠠᠪᠤᠷᠢ ᠶᠢ ᠨᠠᠩ ᠯᠠᠪᠳᠠᠭᠤᠨ ᠪᠠᠲᠤᠲᠠᠶ ᠪᠣᠯᠪᠠᠰᠤᠷᠠᠭᠤᠯᠵᠤ᠂ | ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ | ᠡᠩᠨᠡᠭᠡ ᠶᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠬᠢᠨᠠᠨ ᠪᠤᠳᠤᠵᠤ ᠬᠢᠨᠠᠯᠲᠠ | ᠲᠠᠯᠪᠢᠬᠤ ᠠᠵᠢᠯ ᠤᠨ ᠭᠦᠨᠵᠡᠭᠡᠶᠢᠷᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | | | |