︽ᠠᠵᠢᠯᠴᠢᠨ ᠢ ᠠᠵᠤ ᠠᠬᠤᠢᠯᠠᠯ ᠳᠤ ᠣᠷᠣᠭᠤᠯᠬᠤ︾ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2025/2/17
      ᠠᠵᠤ ᠠᠬᠤᠢᠯᠠᠯ ᠤᠨ ᠠᠵᠢᠯᠴᠢᠨ ᠬᠡᠷᠡᠭᠯᠡᠬᠦ ᠳᠤᠲᠠᠭᠳᠠᠵᠤ ᠪᠠᠢᠭ᠎ᠠ ᠪᠠ ᠬᠥᠳᠡᠯᠮᠦᠷᠢ ᠬᠦᠴᠦᠨ ᠤ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢᠨ ᠬᠤᠣᠰ ᠴᠢᠭᠯᠡᠯ ᠤᠨ ᠵᠥᠷᠢᠴᠡᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠴᠢᠨᠠᠷ ᠰᠠᠢᠲᠠᠢ ᠭᠦᠢᠴᠡᠳ ᠠᠵᠢᠯ ᠣᠯᠭᠤᠬᠤ ᠶᠢ ᠠᠬᠢᠭᠤᠯᠬᠤ ᠶᠢᠨ ᠲᠤᠰᠠᠳᠠ᠂ 2 ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ᠂ ᠴᠢᠩᠱᠠᠨ ᠲᠣᠭᠤᠷᠢᠭ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠬᠤ ᠰᠠᠯᠠᠭ᠎ᠠ ᠮᠥᠴᠢᠷ ︽ᠠᠵᠢᠯᠴᠢᠨ ᠢ ᠠᠵᠤ ᠠᠬᠤᠢᠯᠠᠯ ᠳᠤ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠬᠠᠩ ᠰᠢᠶᠤᠤ  ᠪᠤᠯᠤᠳ ᠪᠦᠲᠦᠴᠡ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠤᠨᠤᠪᠴᠢᠲᠠᠢ ᠵᠣᠯᠭᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠪᠣᠯᠤᠨ ᠠᠵᠢᠯ ᠡᠷᠢᠭᠰᠡᠳ ᠲᠤ ᠰᠠᠶᠢᠨ ᠰᠠᠶᠢᠬᠠᠨ ᠬᠠᠷᠢᠯᠴᠠᠭᠠᠨ ᠤ ᠬᠥᠭᠦᠷᠭᠡ ᠪᠠᠶᠢᠭᠤᠯᠵᠤ ᠥᠭᠴᠡᠶ᠃      ᠦᠳᠡ ᠶᠢᠨ ᠡᠮᠦᠨᠡᠬᠢ 9 ᠴᠠᠭ ᠲᠤ᠂ ᠠᠵᠢᠯᠴᠢᠨ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠵᠢᠩᠬᠢᠨᠢ ᠪᠠᠷ ᠡᠬᠢᠯᠡᠪᠡ᠃ 78 ᠠᠵᠢᠯ ᠡᠷᠢᠭᠴᠢ ᠢ ᠨᠢᠭᠡᠳᠦᠯᠲᠡᠶ ᠵᠣᠬᠢᠶᠠᠨ ᠪᠠᠶᠢᠭᠤᠯᠵᠤ ᠬᠠᠩ ᠰᠢᠶᠤᠤ ᠪᠤᠯᠤᠳ ᠪᠦᠲᠦᠴᠡ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ ᠳᠤ ᠬᠦᠷᠭᠡᠵᠡᠢ᠃ ᠠᠵᠤ ᠠᠬᠤᠶᠢᠯᠠᠯ ᠳᠤ ᠬᠦᠷᠦᠭᠰᠡᠨ ᠤ ᠳᠠᠷᠠᠭ᠎ᠠ᠂ ᠠᠵᠢᠯᠲᠠᠳ ᠠᠵᠢᠯ ᠡᠷᠢᠭᠰᠡᠳ ᠢ ᠳᠠᠭᠠᠭᠤᠯᠤᠨ ᠲᠤᠬᠠᠶ ᠶᠢᠨ ᠭᠠᠵᠠᠷ ᠲᠤᠨᠢ ᠠᠵᠤ ᠠᠬᠤᠶᠢᠯᠠᠯ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠠᠵᠤ ᠠᠬᠤᠶᠢᠯᠠᠯ ᠤᠨ ᠰᠣᠶᠣᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠵᠡᠷᠭᠡ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠠᠵᠢᠯ ᠡᠷᠢᠭᠰᠡᠳ ᠢ ᠠᠵᠤ ᠠᠬᠤᠶᠢᠯᠠᠯ ᠳᠤ ᠨᠠᠩ ᠪᠥᠬᠦ ᠲᠠᠯ᠎ᠠ ᠶᠢᠨ ᠲᠠᠨᠢᠯᠲᠠ ᠲᠠᠢ ᠪᠣᠯᠭᠠᠪᠠ᠃ ᠳᠠᠷᠠᠭ᠎ᠠ ᠳᠤᠨᠢ᠂ ᠤᠯᠠᠨ ᠢᠶᠠᠷ ᠢᠶᠠᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠵᠤ᠂ ᠠᠵᠢᠯ ᠤᠨ ᠣᠷᠴᠢᠨ ᠲᠣᠭᠤᠷᠢᠨ ᠪᠣᠯᠤᠨ ᠠᠵᠢᠯ ᠤᠨ ᠠᠭᠤᠯᠭ᠎ᠠ ᠶᠢ ᠰᠢᠭᠤᠳ ᠣᠶᠢᠯᠠᠭᠠᠪᠠ᠃ ᠲᠣᠭᠤᠷᠢᠨ ᠦᠵᠡᠬᠦ ᠶᠠᠪᠤᠴᠠ ᠳᠤ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠰᠠ ᠠᠵᠢᠯ ᠤᠨ ᠪᠠᠶᠢᠷᠢ ᠶᠢᠨ ᠨᠠᠷᠢᠨ ᠵᠦᠢᠯᠡᠰ᠂ ᠠᠵᠢᠯ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠠᠰᠠᠭᠤᠳᠠᠯ ᠤᠨ ᠲᠤᠬᠠᠶ ᠠᠵᠢᠯ ᠡᠷᠢᠭᠰᠡᠳ ᠲᠤ ᠬᠦᠯᠢᠴᠡᠩᠭᠦᠶ ᠪᠠᠷ ᠬᠠᠷᠢᠭᠤᠯᠲᠠ ᠥᠭᠴᠡᠶ᠃ ᠳᠠᠷᠠᠭ᠎ᠠ ᠨᠢ᠂ ᠨᠢᠭᠤᠷᠳᠠᠨ ᠰᠢᠯᠭᠠᠬᠤ ᠳᠠᠷᠤᠭ᠎ᠠ ᠠᠵᠢᠯ ᠡᠷᠢᠭᠰᠡᠳ ᠤᠨ ᠣᠨᠣᠯ ᠤᠨ ᠮᠡᠳᠡᠯᠭᠡ ᠪᠠ ᠪᠣᠳᠠᠲᠤ ᠪᠣᠯᠪᠠᠰᠤᠷᠠᠯ ᠤᠨ ᠮᠡᠷᠭᠡᠵᠢᠯ ᠳᠤ ᠨᠢᠭᠡᠳ ᠨᠢᠭᠡ ᠪᠠᠷ ᠬᠢᠨᠠᠨ ᠰᠢᠯᠭᠠᠯᠲᠠ ᠬᠢᠪᠡ᠃ ᠪᠦᠷᠢᠳᠬᠡᠯ ᠢ ᠦᠨᠳᠦᠰᠦᠯᠡᠪᠡᠯ᠂ ᠲᠤᠬᠠᠶ ᠶᠢᠨ ᠲᠠᠯᠠᠪᠠᠶ ᠶᠢᠨ ᠨᠢᠭᠤᠷᠳᠠᠨ ᠰᠢᠯᠭᠠᠯᠲᠠ ᠎ ᠳᠤ 12 ᠬᠥᠮᠦᠨ ᠠᠮᠵᠢᠯᠲᠠ ᠲᠠᠢ ᠥᠩᠭᠡᠷᠡᠪᠡ᠂ ᠡᠭᠦᠨ ᠳᠤ᠄ ᠪᠣᠯᠪᠠᠰᠤᠷᠠᠩᠭᠤᠶ ᠪᠣᠯᠤᠭᠰᠠᠨ ᠠᠵᠢᠯᠴᠢᠨ 9 ᠬᠥᠮᠦᠨ᠂ ᠱᠠᠪᠢ ᠠᠵᠢᠯᠴᠢᠨ 3 ᠬᠥᠮᠦᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠪᠣᠯ ᠡᠮᠦᠨᠡᠬᠢ ᠬᠤᠭᠤᠴᠠᠭᠠᠨ ᠤ ᠬᠤᠲᠠ ᠲᠣᠭᠤᠷᠢᠭ ᠤᠨ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠵᠤ ᠠᠬᠤᠶᠢᠯᠠᠯ ᠳᠤ ᠭᠦᠨᠵᠡᠭᠡᠶᠢᠷᠡᠨ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠪᠠᠶᠢᠴᠠᠭᠠᠬᠤ︾ ᠳᠤᠮᠳᠠ᠂ ᠬᠠᠩ ᠰᠢᠶᠤᠤ ᠪᠤᠯᠤᠳ ᠪᠦᠲᠦᠴᠡ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ ᠲᠤᠬᠠᠶᠢᠯᠠᠭᠰᠠᠨ ᠠᠵᠢᠯ ᠢᠶᠠᠨ ᠲᠠᠰᠤᠷᠠᠯᠲᠠ ᠥᠬᠡᠶ ᠥᠷᠭᠡᠳᠬᠡᠭᠰᠡᠨ ᠠᠴᠠ ᠶᠡᠭᠡ ᠬᠡᠮᠵᠢᠶᠡᠨ ᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠣᠶ ᠪᠣᠯᠤᠭᠰᠠᠨ ᠢ ᠣᠶᠢᠯᠠᠭᠠᠵᠤ ᠮᠡᠳᠡᠭᠰᠡᠨ ᠪᠠᠶᠢᠨ᠎ᠠ᠃ ᠠᠵᠤ ᠠᠬᠤᠶᠢᠯᠠᠯ ᠲᠠᠢ ᠭᠦᠨᠵᠡᠭᠡᠶ ᠨᠡᠪᠲᠡᠷᠡᠯᠴᠡᠬᠦ ᠪᠠᠷ ᠳᠠᠮᠵᠢᠭᠤᠯᠤᠨ᠂ ᠲᠡᠳᠡᠨᠤᠰ ᠤᠨ ᠪᠣᠳᠠᠲᠠᠶ ᠠᠵᠢᠯ ᠤᠨ ᠪᠠᠶᠢᠷᠢ ᠶᠢᠨ ᠱᠠᠭᠠᠷᠳᠠᠯᠭ᠎ᠠ᠂ ᠴᠠᠯᠢᠩ ᠬᠥᠯᠥᠰᠥ᠂ ᠠᠵᠢᠯ ᠤᠨ ᠣᠷᠴᠢᠨ ᠲᠣᠭᠤᠷᠢᠨ ᠵᠡᠷᠭᠡ ᠮᠡᠳᠡᠭᠡ ᠵᠠᠩᠭᠢ ᠶᠢ ᠣᠶᠢᠯᠠᠭᠠᠭᠰᠠᠨ ᠤ ᠳᠠᠷᠠᠭ᠎ᠠ᠂ ᠳᠠᠷᠤᠶ ᠲᠦᠷᠭᠡᠨ ᠬᠥᠳᠡᠯᠦᠯᠴᠡᠵᠦ᠂ ᠬᠥᠳᠡᠯᠮᠦᠷᠢ ᠬᠦᠴᠦᠨ ᠤ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠵᠤ᠂ ᠠᠵᠢᠯ ᠡᠷᠢᠭᠰᠡᠳ ᠤᠨ ᠠᠵᠢᠯ ᠤᠯᠬᠤ ᠰᠠᠨᠠᠮᠵᠢ᠂ ᠤᠷ᠎ᠠ ᠴᠢᠳᠠᠪᠤᠷᠢ ᠶᠢᠨ ᠬᠢᠷᠢ ᠲᠦᠪᠰᠢᠨ ᠵᠡᠷᠭᠡ ᠪᠠᠶᠢᠳᠠᠯ ᠢ ᠡᠵᠡᠮᠰᠢᠵᠦ᠂ ᠤᠨᠢᠨ ᠳᠡᠭᠡᠷ᠎ᠡ ᠨᠢ ᠵᠣᠬᠢᠴᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠵᠠᠰᠠᠭ ᠤᠨ ᠣᠷᠳᠣᠨ ᠤ ᠦᠢᠯᠡᠴᠢᠯᠡᠭᠡᠨ ᠤ ᠵᠠᠬ᠎ᠠ ᠳᠡᠯᠭᠡᠭᠦᠷ᠂ ᠠᠷᠠᠳ ᠤᠨ ᠠᠮᠢᠳᠤᠷᠠᠯ ᠢ ᠪᠠᠲᠤᠯᠠᠬᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠨᠡᠩ ᠴᠢᠨᠠᠷ ᠰᠠᠶᠢᠲᠠᠢ᠂ ᠨᠡᠩ ᠥᠨᠳᠥᠷ ᠪᠦᠲᠦᠮᠵᠢᠲᠡᠢ ᠵᠣᠯᠭᠠᠭᠤᠯᠬᠤ ᠦᠢᠯᠡᠴᠢᠯᠡᠭᠡ ᠬᠠᠩᠭᠠᠵᠤ᠂ ᠠᠵᠢᠯᠴᠢᠨ ᠬᠡᠷᠡᠭᠯᠡᠬᠦ ᠡᠬᠢ ᠪᠠᠶᠠᠯᠢᠭ ᠤᠨ ᠲᠤᠬᠢᠷᠠᠭᠤᠯᠤᠯᠳᠠ ᠶᠢ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠤᠣᠰ ᠬᠠᠷᠠᠯᠲᠠ ᠶᠢ ᠪᠡᠶᠡᠯᠡᠭᠦᠯᠵᠦ᠂ ᠡᠴᠦᠰ ᠲᠡᠭᠡᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠦᠨ᠎ᠡ᠃      ᠡᠴᠦᠰ ᠲᠤ᠂ ︽ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︾᠎ ᠤᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠲᠣᠭᠲᠠᠮᠠᠯ ᠬᠤᠭᠤᠴᠠᠭ᠎ᠠ ᠲᠠᠢ ᠪᠠᠷ ᠨᠡᠩ ᠤᠯᠠᠨ ᠰᠢᠯᠢᠳᠡᠭ ᠠᠵᠤ ᠠᠬᠤᠶᠢᠯᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠨᠡᠩ ᠤᠯᠠᠨ ᠠᠵᠢᠯ ᠡᠷᠢᠭᠰᠡᠳ ᠢ ᠬᠠᠪᠰᠤᠷᠤᠨ ᠠᠵᠢᠯ ᠣᠯᠭᠤᠯᠲᠠ ᠶᠢᠨ ᠬᠦᠰᠡᠯ ᠵᠡᠭᠦᠳᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠣᠯᠠᠨ ᠢᠶᠠᠷ ᠢᠶᠠᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠣᠯᠵᠤ᠂ ᠬᠠᠮᠲᠤ ᠪᠠᠷ ᠰᠠᠶᠢᠨ ᠰᠠᠶᠢᠬᠠᠨ ᠠᠵᠢᠯ ᠤᠨ ᠢᠷᠡᠭᠡᠳᠦᠶ ᠳᠤ ᠬᠦᠷᠬᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号