︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠠᠷᠭ᠎ᠠ ᠬᠢᠳᠡᠯ ᠢ ᠭᠦᠨᠵᠡᠭᠡᠶ ᠰᠤᠷᠤᠯᠴᠠᠨ ᠬᠡᠷᠡᠭᠯᠡᠵᠦ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠴᠢᠨ | ᠲᠣᠭᠤᠷᠢᠨ ᠤ ᠰᠠᠭᠤᠷᠢ ᠶᠢ ᠪᠠᠬᠢᠵᠢᠭᠦᠯᠵᠦ᠂ ᠠᠶᠢᠯ ᠲᠣᠰᠬᠤᠨ ᠤ ᠴᠡᠪᠡᠷ ᠲᠡᠭᠰᠢ ᠪᠠᠶᠢᠬᠤ ᠠᠴᠠ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠲᠠᠰ ᠳᠡᠪᠰᠢᠬᠦ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ | ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠲᠤᠰᠬᠠᠶ | ᠴᠡᠭᠴᠡᠯᠡᠨ ᠵᠠᠰᠠᠵᠤ ᠵᠢᠭᠰᠠᠭᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠣᠶᠢᠷ᠎ᠠ ᠳᠤ᠂ ᠪᠤᠭᠤᠲᠤ | ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠲᠤᠰᠬᠠᠶ ᠴᠡᠭᠴᠡᠯᠡᠨ ᠵᠠᠰᠠᠵᠤ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ | ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯ ᠳᠤ ᠴᠢᠭᠯᠡᠭᠦᠯᠦᠨ᠂ ᠴᠢᠩᠱᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠵᠢᠭᠰᠠᠭᠠᠨ ᠪᠠᠶᠢᠴᠠᠭᠠᠬᠤ ᠬᠦᠰᠦᠨᠦᠭᠲᠦ ᠶᠢ ᠪᠠᠶᠢᠭᠤᠯᠵᠤ᠂ ᠵᠢᠭᠰᠠᠭᠠᠨ ᠪᠠᠶᠢᠴᠠᠭᠠᠬᠤ ᠬᠥᠮᠦᠰ ᠢ ᠴᠠᠭ ᠲᠤᠬᠠᠶ ᠳᠤᠨᠢ | ᠠᠵᠢᠯ ᠤᠨ ᠪᠠᠶᠢᠷᠢ ᠳᠤ ᠬᠦᠷᠭᠡᠵᠦ᠂ ᠬᠠᠷᠢᠭᠤᠴᠠᠯᠭ᠎ᠠ ᠶᠢᠨ ᠣᠷᠣᠨ ᠪᠦᠰᠡ ᠶᠢ ᠬᠢᠨᠠᠮᠠᠭᠠᠶ ᠵᠢᠭᠰᠠᠭᠠᠨ ᠪᠠᠶᠢᠴᠠᠭᠠᠵᠤ᠂ | ᠵᠢᠭᠰᠠᠭᠠᠨ ᠪᠠᠶᠢᠴᠠᠭᠠᠭᠰᠠᠨ ᠪᠠᠶᠢᠳᠠᠯ ᠢ ᠴᠠᠭ ᠲᠤᠬᠠᠶ ᠳᠤᠨᠢ ᠲᠠᠭᠯᠠᠨ ᠪᠢᠴᠢᠵᠦ᠂ ᠠᠰᠠᠭᠤᠳᠠᠯ ᠢ ᠬᠤᠷᠢᠶᠠᠩᠭᠤᠶᠢᠯᠠᠨ | ᠳᠡᠭᠡᠭᠰᠢ ᠮᠡᠳᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠳᠠᠷᠦ᠋ᠢᠬᠠᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠦᠷᠭᠦᠯᠵᠢᠯᠡᠨ ᠵᠢᠭᠰᠠᠭᠠᠨ ᠪᠠᠶᠢᠴᠠᠭᠠᠬᠤ ᠪᠠᠷ ᠳᠠᠮᠵᠢᠨ᠂ ᠳ᠋ᠠᠩ ᠫᠦ᠋ | ᠲᠣᠰᠬᠤᠨ᠂ ᠵᠤᠤ ᠵᠢᠶᠠ ᠳ᠋ᠢᠶᠠᠨ ᠲᠣᠰᠬᠤᠨ᠂ ᠡᠯ ᠬᠠᠢ ᠬᠤᠤ ᠲᠣᠰᠬᠤᠨ ᠪᠣᠯᠤᠨ ᠳ᠋ᠢᠩ ᠳ᠋ᠦ᠋ ᠯᠦᠩ ᠬᠦᠢ | ᠲᠣᠰᠬᠤᠨ ᠳᠤ ᠪᠣᠬᠢᠷ ᠤᠰᠤ ᠠᠰᠬᠠᠬᠤ ᠪᠠ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠵᠡᠭᠳᠡᠯ ᠣᠷᠣᠰᠢᠵᠤ | ᠪᠠᠶᠢᠬᠤ ᠶᠢ ᠣᠯᠵᠤ ᠮᠡᠳᠡᠭᠡᠳ᠂ ᠣᠳᠣᠬᠠᠨ ᠳᠤ ᠳ᠋ᠠᠩ ᠫᠦ᠋ ᠲᠣᠰᠬᠤᠨ᠂ ᠵᠤᠤ ᠵᠢᠶᠠ ᠳ᠋ᠢᠶᠠᠨ ᠲᠣᠰᠬᠤᠨ ᠪᠣᠯᠤᠨ ᠡᠯ | ᠬᠠᠢ ᠬᠤᠤ ᠲᠣᠰᠬᠤᠨ ᠤ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ ᠳᠠᠭᠤᠰᠴᠤ᠂ ᠳ᠋ᠢᠩ ᠯᠦᠩ ᠬᠦᠢ | ᠲᠣᠰᠬᠤᠨ ᠢ ᠶᠠᠭ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤᠨ ᠤ | ᠠᠰᠠᠭᠤᠳᠠᠯ ᠠᠮᠠᠷᠬᠠᠨ ᠡᠭᠦᠰᠬᠦ ᠠᠰᠠᠭᠤᠳᠠᠯ ᠳᠤ ᠴᠢᠭᠯᠡᠭᠦᠯᠦᠨ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡᠨᠲᠡ ᠴᠢᠩᠱᠠᠨ ᠲᠣᠭᠤᠷᠢᠭ ᠤᠨ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠠᠵᠢᠯ ᠤᠨ ᠳᠤᠭᠤᠶᠢᠯᠠᠩ ᠳᠤ ᠴᠠᠭ ᠲᠤᠬᠠᠶ ᠳᠤᠨᠢ | ᠮᠡᠳᠡᠭᠦᠯᠬᠦ ᠶᠢᠨ ᠬᠠᠮᠲᠤ ᠬᠤᠶᠠᠷ ᠪᠠᠯᠭᠠᠰᠤ ᠶᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠪᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠬᠥᠳᠡᠭᠡ ᠲᠣᠰᠬᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠢᠭᠡᠨ ᠤᠷᠳᠤ | ᠬᠤᠭᠤᠴᠠᠭᠠᠨ ᠤ ᠡᠭᠦᠷᠭᠡ ᠪᠣᠯᠭᠠᠨ ᠠᠳᠬᠤᠵᠤ᠂ ᠬᠤᠶᠠᠷ ᠪᠠᠯᠭᠠᠰᠤ ᠶᠢ ᠱᠠᠯᠠᠪᠳᠠᠭᠤᠯᠤᠨ ᠡᠳᠦᠷ ᠲᠤᠳᠤᠮ ᠤᠨ | ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠬᠠᠭᠤᠯᠭ᠎ᠠ ᠶᠢ ᠴᠢᠩᠭᠠᠳᠬᠠᠵᠤ᠂ ᠵᠠᠰᠠᠯᠲᠠ ᠶᠢᠨ ᠪᠠᠶᠢᠩᠭᠤᠵᠢᠭᠰᠠᠨ ᠲᠣᠭᠲᠠᠴᠠ ᠪᠣᠯᠤᠨ ᠰᠠᠶᠢᠨ | ᠰᠠᠶᠢᠬᠠᠨ ᠣᠷᠴᠢᠨ ᠲᠣᠭᠤᠷᠢᠨ ᠤ ᠤᠬᠠᠮᠰᠠᠷ ᠢ ᠪᠤᠢ ᠪᠣᠯᠭᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ᠂ | ᠦᠵᠡᠰᠬᠦᠯᠡᠩᠲᠦ ᠰᠠᠶᠢᠬᠠᠨ ᠴᠢᠩᠱᠠᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | | | | | | |