ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠡᠭᠦᠳᠡᠯ ᠠᠪᠤᠷᠠᠨ ᠲᠤᠰᠠᠯᠠᠬᠤ ᠥᠷᠲᠡᠭᠡ ᠶᠢᠨ ᠵᠢᠯᠣᠭᠤᠴᠢ ᠶᠢᠨ ᠭᠡᠷᠡᠴᠢ ᠠᠪᠬᠤ ᠪᠣᠯᠪᠠᠰᠤᠷᠠᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2025/2/18
      ᠪᠤᠭᠤᠲᠤ ᠶᠢᠨ ᠯᠸᠢ ᠹᠧᠩ ᠲᠡᠷᠭᠡᠨ ᠠᠩᠭᠢ ᠶᠢᠨ ᠨᠡᠭᠦᠳᠡᠯ ᠠᠪᠤᠷᠠᠨ ᠲᠤᠰᠠᠯᠠᠬᠤ ᠥᠷᠲᠡᠭᠡ ᠶᠢᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠡᠭᠦᠳᠡᠯ ᠠᠪᠤᠷᠠᠨ ᠲᠤᠰᠠᠯᠠᠬᠤ ᠥᠷᠲᠡᠭᠡ ᠶᠢᠨ ᠵᠢᠯᠣᠭᠤᠴᠢ ᠶᠢᠨ ᠭᠡᠷᠡᠴᠢ ᠠᠪᠬᠤ ᠪᠣᠯᠪᠠᠰᠤᠷᠠᠯ ᠤᠨ ᠠᠩᠭᠢ ᠶᠢ ᠡᠬᠢᠯᠡᠭᠦᠯᠪᠡ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠡᠰᠢᠭᠦᠨ ᠪᠥᠭᠡᠳ ᠰᠠᠶᠢᠨ ᠳᠤᠷᠠᠴᠤᠤᠯ 45 ᠨᠡᠷᠡᠰ ᠯᠧᠢ ᠹᠧᠩ ᠲᠡᠷᠭᠡᠨ ᠠᠩᠭᠢ ᠶᠢᠨ ᠵᠢᠯᠣᠭᠤᠴᠢ ᠣᠷᠣᠯᠴᠠᠵᠠᠶ᠃      ᠤᠶᠢᠷ᠎ᠠ ᠳᠤ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠤᠭᠤᠲᠤ ᠶᠢᠨ ᠯᠧᠢ ᠹᠧᠩ ᠲᠡᠷᠭᠡᠨ ᠠᠩᠭᠢ ᠶᠢᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠵᠢᠷᠦᠬᠡ ᠠᠭᠤᠰᠬᠢ ᠶᠢ ᠰᠡᠷᠭᠦᠭᠡᠬᠦ + ᠠᠦ᠋ᠲ᠋ᠤ᠋ ᠪᠡᠶ᠎ᠡ ᠶᠢᠨ ᠭᠠᠳᠠᠨᠠᠬᠢ ᠴᠡᠴᠡᠷᠡᠯ ᠠᠷᠢᠯᠭᠠᠬᠤ ᠮᠠᠰᠢᠨ ︵CPR + AED︶ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ᠃ ᠪᠣᠯᠪᠠᠰᠤᠷᠠᠯ ᠤᠨ ᠲᠤᠬᠠᠶ ᠶᠢᠨ ᠲᠠᠯᠠᠪᠤᠷ ᠲᠤ᠂ ᠪᠣᠯᠪᠠᠰᠤᠷᠠᠯ ᠤᠨ ᠪᠠᠭᠰᠢ ᠨᠠᠷ ᠵᠢᠷᠦᠬᠡ ᠠᠭᠤᠰᠬᠢᠨ ᠤ ᠰᠡᠷᠭᠦᠭᠡᠯᠲᠡ ᠶᠢᠨ ᠭᠤᠭᠴᠤᠭ᠎ᠠ ᠨᠢᠭᠡᠪᠦᠷᠢ ᠶᠢ ᠨᠠᠷᠢᠨ ᠲᠠᠶᠢᠯᠪᠤᠷᠢᠯᠠᠵᠤ᠂ ᠡᠭᠦᠨ ᠳᠤ ᠣᠷᠴᠢᠨ ᠲᠣᠭᠤᠷᠢᠨ ᠤ ᠠᠮᠤᠷ ᠲᠦᠪᠰᠢᠨ ᠢ ᠨᠤᠲᠠᠯᠠᠬᠤ᠂ ᠠᠮᠢᠰᠬᠤᠯ ᠤᠨ ᠮᠠᠭᠠᠳᠯᠠᠯᠲᠠ᠂ ᠴᠡᠭᠡᠵᠢᠨ ᠤ ᠭᠠᠳᠠᠨ᠎ᠠ ᠳᠠᠷᠤᠯᠲᠠ ᠶᠣᠰᠣᠭᠠᠷ ᠠᠵᠢᠯᠯᠠᠬᠤ ᠠᠷᠭ᠎ᠠ ᠪᠠᠷᠢᠯ᠂ ᠬᠥᠮᠦᠨ ᠤ ᠬᠦᠴᠦ ᠪᠠᠷ ᠠᠮᠢᠰᠬᠤᠯ ᠤᠨ ᠠᠷᠭ᠎ᠠ ᠶᠢ ᠪᠠᠭᠲᠠᠭᠠᠭᠰᠠᠨ ᠪᠠᠶᠢᠬᠤ ᠪᠥᠭᠡᠳ ᠳᠠᠭᠤᠷᠢᠶᠠᠮᠠᠯ ᠬᠥᠮᠦᠨ ᠤ ᠪᠡᠶ᠎ᠡ ᠳᠡᠭᠡᠷ᠎ᠡ ᠲᠤᠬᠠᠶ ᠶᠢᠨ ᠲᠠᠯᠠᠪᠠᠶ ᠶᠢᠨ ᠵᠢᠱᠢᠶ᠎ᠡ ᠦᠵᠡᠭᠦᠯᠬᠦ ᠰᠣᠷᠢᠯᠲᠠ ᠬᠢᠵᠡᠶ᠃ ᠡᠭᠦᠨ ᠤ ᠬᠠᠮᠲᠤ ᠲᠡᠷᠭᠡᠨ ᠳᠡᠭᠡᠷᠡᠬᠢ AED ᠠᠵᠢᠯᠯᠠᠭ᠎ᠠ ᠶᠢᠨ ᠠᠷᠭ᠎ᠠ ᠠᠪᠴᠠᠯ ᠪᠠ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠪᠣᠳᠠᠲᠠᠶ ᠪᠣᠯᠪᠠᠰᠤᠷᠠᠯ ᠤᠨ ᠵᠠᠩᠭᠢᠯᠠᠭ᠎ᠠ ᠳᠤ᠂ ᠪᠠᠭᠰᠢ ᠠᠴᠠ ᠰᠤᠷᠤᠭᠴᠢ ᠨᠢᠭᠡᠪᠦᠷᠢ ᠶᠢ ᠬᠦᠯᠢᠴᠡᠩᠭᠦᠶ ᠪᠠᠷ ᠵᠢᠯᠣᠭᠤᠳᠴᠤ᠂ ᠪᠣᠯᠪᠠᠰᠤᠷᠠᠯ ᠤᠨ ᠠᠭᠤᠯᠭ᠎ᠠ ᠶᠢᠨ ᠭᠤᠭᠴᠤᠭ᠎ᠠ ᠨᠢᠭᠡᠪᠦᠷᠢ ᠪᠠ ᠠᠵᠢᠯᠯᠠᠭ᠎ᠠ ᠨᠢᠭᠡᠪᠦᠷᠢ ᠶᠢᠨ ᠵᠠᠩᠭᠢᠯᠠᠭ᠎ᠠ ᠶᠢ ᠳᠠᠬᠢᠨ ᠳᠠᠪᠲᠠᠨ ᠪᠤᠯᠪᠠᠰᠤᠷᠠᠭᠤᠯᠪᠠ᠃      ᠨᠠᠷᠢᠨ ᠬᠢᠨᠠᠮᠠᠭᠠᠶ ᠪᠣᠯᠪᠠᠰᠤᠷᠠᠯ ᠪᠠ ᠴᠢᠩᠭ᠎ᠠ ᠰᠢᠯᠭᠠᠯᠲᠠ ᠪᠠᠷ ᠳᠠᠮᠵᠢᠭᠤᠯᠤᠨ᠂ 45 ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠡᠰᠢᠭᠦᠨ ᠪᠥᠭᠡᠳ ᠰᠠᠶᠢᠨ ᠳᠤᠷᠠᠴᠤᠤᠯ ᠴᠥᠮ ᠠᠪᠤᠷᠠᠭᠴᠢ ᠶᠢᠨ ᠦᠨᠡᠮᠯᠡᠯ ᠣᠯᠤᠭᠰᠠᠨ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠯ ᠨᠢ ᠯᠸᠢ ᠹᠧᠩ ᠲᠡᠷᠭᠡᠨ ᠠᠩᠭᠢ ᠶᠢᠨ ᠵᠢᠯᠣᠭᠤᠴᠢ ᠶᠢᠨ ᠲᠦᠷᠭᠡᠨ ᠠᠪᠤᠷᠠᠬᠤ ᠤᠷ᠎ᠠ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠨᠡᠮᠡᠭᠳᠡᠭᠦᠯᠦᠨ᠂ ᠠᠶᠠᠨᠴᠢᠳ ᠪᠠ ᠡᠷᠬᠢᠨ ᠲᠣᠭᠤᠷᠢᠨ ᠤ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠲᠡᠷᠭᠡᠨ ᠬᠦᠷᠳᠦ ᠳᠡᠭᠡᠷᠡᠬᠢ ᠨᠡᠭᠦᠳᠡᠯ ᠠᠪᠤᠷᠠᠨ ᠲᠤᠰᠠᠯᠠᠬᠤ ᠥᠷᠲᠡᠭᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ︽ᠬᠤᠶᠠᠷ ᠳᠠᠭᠠᠭᠠᠴᠢᠯᠠᠯᠲᠠ︾᠎ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠭᠡᠷᠡᠯᠲᠦᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号