ᠨᠡᠶᠢᠭᠡᠮ ᠲᠣᠭᠤᠷᠢᠭ᠂ ᠠᠳᠠᠯ ᠠᠬᠤᠶ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠨᠡᠪᠲᠡᠷᠡᠯᠴᠡᠭᠡ ᠶᠢ | ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ | ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ ᠶᠢᠨ ᠬᠠᠶ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ | ᠲᠥᠯᠥᠭᠡᠯᠡᠭᠴᠢ᠂ ᠱᠠᠩ ᠵᠢᠩ ᠶᠤᠸᠠᠨ ᠵᠢᠵᠢᠭ ᠲᠣᠭᠤᠷᠢᠭ ᠤᠨ ᠠᠳᠠᠯ ᠠᠬᠤᠶ ᠶᠢᠨ ᠺᠣᠮᠫᠠᠨᠢ᠂ ᠠᠳᠠᠯ ᠠᠬᠤᠶ ᠶᠢᠨ | ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠷᠰᠢᠯᠭ᠎ᠠ ᠪᠠ | ᠬᠦᠷᠦᠯᠴᠡᠬᠦ ᠦᠭᠡᠢ ᠲᠠᠯ᠎ᠠ ᠪᠠᠨ ᠨᠠᠷᠢᠨ ᠨᠢᠮᠪᠠᠶ ᠡᠮᠬᠢᠯᠡᠵᠦ᠂ ᠰᠢᠨ᠎ᠡ ᠨᠢᠭᠡ ᠵᠢᠯ ᠤᠨ ᠠᠵᠢᠯ ᠤᠨ ᠴᠢᠭᠯᠡᠯ ᠢᠶᠠᠨ | ᠣᠨᠣᠪᠴᠢᠲᠠᠶ ᠲᠣᠭᠲᠠᠭᠠᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠵᠢᠵᠢᠭ ᠲᠣᠭᠤᠷᠢᠭ ᠤᠨ ᠰᠠᠭᠤᠭᠠᠯᠢ | ᠠᠷᠠᠳ ᠲᠤ ᠨᠠᠩ ᠴᠢᠨᠠᠷ ᠰᠠᠶᠢᠲᠠᠶ᠂ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ | ᠪᠣᠯᠭᠠᠬᠤ ᠪᠠᠷ ᠴᠢᠷᠮᠠᠶᠢᠪᠠ᠃ | ᠬᠤᠷᠠᠯ ᠳᠡᠭᠡᠷ᠎ᠡ᠂ ᠠᠳᠠᠯ ᠠᠬᠤᠢ ᠶᠢᠨ ᠺᠣᠮᠫᠠᠨᠢ ᠶᠢᠨ ᠬᠠᠷᠢᠭᠤᠴᠠᠯᠭᠠᠲᠠᠨ ᠥᠩᠭᠡᠷᠡᠭᠰᠡᠨ ᠨᠢᠭᠡ ᠵᠢᠯ ᠤᠨ | ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠪᠠᠷ ᠡᠷᠭᠢᠴᠡᠭᠦᠯᠪᠡ᠃ | ᠨᠡᠶᠢᠭᠡᠮ ᠲᠣᠭᠤᠷᠢᠭ ᠤᠨ ᠠᠵᠢᠯᠲᠠᠨ᠂ ᠥᠮᠴᠢᠲᠡᠨ ᠤ ᠵᠥᠪᠯᠡᠯ ᠤᠨ ᠪᠦᠷᠢᠯᠳᠦᠬᠦᠨ᠂ ᠰᠠᠭᠤᠭᠠᠯᠢ ᠠᠷᠠᠳ ᠤᠨ | ᠲᠥᠯᠥᠭᠡᠯᠡᠭᠴᠢ ᠨᠠᠷᠢᠨ ᠬᠢᠨᠠᠮᠠᠭᠠᠶ ᠰᠣᠨᠣᠰᠴᠤ᠂ ᠠᠳᠠᠯ ᠠᠬᠤᠢ ᠶᠢᠨ ᠺᠣᠮᠫᠠᠨᠢ ᠶᠢᠨ ᠵᠢᠵᠢᠭ ᠲᠣᠭᠤᠷᠢᠭ ᠤᠨ ᠲᠥᠯᠥᠭᠡ | ᠭᠠᠷᠭᠠᠭᠰᠠᠨ ᠴᠢᠷᠮᠠᠶᠢᠯᠭ᠎ᠠ ᠪᠠ ᠵᠠᠷᠤᠴᠠᠭᠤᠯᠭ᠎ᠠ ᠶᠢ ᠭᠦᠢᠴᠡᠳ ᠨᠤᠲᠠᠯᠠᠪᠠ᠃ ᠳᠠᠷᠠᠭ᠎ᠠ ᠳᠤᠨᠢ᠂ ᠰᠠᠭᠤᠭᠠᠯᠢ ᠠᠷᠠᠳ ᠤᠨ | ᠲᠥᠯᠥᠭᠡᠯᠡᠭᠴᠢᠳ ᠴᠦ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠳᠤ | ᠬᠤᠶᠢᠨ᠎ᠠ ᠬᠤᠶᠢᠨ᠎ᠠ ᠠᠴᠠ ᠪᠠᠨ ᠠᠷᠭ᠎ᠠ ᠤᠬᠠᠭᠠᠨ ᠭᠠᠷᠭᠠᠪᠠ᠃ | ︽ᠲᠡᠷᠭᠡ ᠵᠣᠭᠰᠣᠭᠠᠬᠤ ᠳᠤ ᠬᠦᠴᠢᠷ︾ ᠪᠠᠶᠢᠬᠤ ᠠᠰᠠᠭᠤᠳᠠᠯ ᠨᠢ ᠰᠠᠭᠤᠭᠠᠯᠢ ᠠᠷᠠᠳ ᠤᠨ ᠠᠩᠬᠠᠷᠤᠯ ᠤᠨ | ᠲᠥᠪ ᠪᠣᠯᠤᠭᠰᠠᠭᠠᠷ ᠢᠷᠡᠵᠡᠶ᠂ ᠲᠣᠰ ᠤᠳᠠᠭᠠᠨ ᠤ ᠬᠤᠷᠠᠯ ᠳᠡᠭᠡᠷ᠎ᠡ᠂ ᠪᠣᠳᠠᠰ ᠤᠨ ᠬᠠᠮᠢᠶᠠᠷᠤᠯᠲᠠ ᠶᠢᠨ ᠵᠥᠪᠯᠡᠯ ᠤᠨ | ᠭᠡᠰᠢᠭᠦᠨ ᠠᠳᠠᠯ ᠠᠬᠤᠶ ᠶᠢᠨ ᠬᠠᠷᠢᠭᠤᠴᠠᠯᠭᠠᠲᠠᠨ ᠲᠠᠢ ᠡᠭᠦᠨ ᠤ ᠲᠤᠬᠠᠶ ᠭᠦᠨᠵᠡᠭᠡᠶ ᠶᠠᠷᠢᠯᠴᠠᠪᠠ᠃ ᠰᠢᠨ᠎ᠡ ᠨᠢᠭᠡ | ᠵᠢᠯ ᠳᠤ ᠵᠢᠵᠢᠭ ᠲᠣᠭᠤᠷᠢᠭ ᠤᠨ ᠳᠣᠲᠣᠭᠠᠳᠤ ᠶᠢᠨ ᠲᠡᠷᠭᠡ ᠵᠣᠭᠰᠣᠭᠠᠬᠤ ᠪᠠᠶᠢᠷᠢᠯᠠᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠦᠷ ᠴᠠᠭ ᠲᠡᠷᠭᠡ ᠵᠣᠭᠰᠣᠭᠠᠬᠤ ᠪᠠᠶᠢᠷᠢ ᠶᠢ ᠵᠦᠶ | ᠵᠣᠬᠢᠰᠲᠠᠶ ᠲᠥᠯᠥᠪᠵᠢᠭᠦᠯᠬᠦ ᠵᠡᠷᠭᠡ ᠠᠯᠢ ᠣᠯᠠᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠶᠢ | ᠠᠩᠬ᠎ᠠ ᠠᠯᠬᠤᠮ ᠲᠣᠭᠲᠠᠭᠠᠵᠤ᠂ ᠲᠡᠷᠭᠡ ᠵᠣᠭᠰᠣᠭᠠᠬᠤ ᠳᠠᠷᠤᠯᠲᠠ ᠶᠢ ᠠᠯᠬᠤᠮ ᠠᠯᠬᠤᠮ ᠢᠶᠠᠷ ᠬᠥᠩᠭᠡᠷᠡᠭᠦᠯᠦᠨ᠎ᠡ᠃ | ᠡᠭᠦᠨ ᠤ ᠬᠠᠮᠲᠤ᠂ ᠪᠠᠰᠠ ᠲᠡᠷᠭᠡ ᠵᠣᠭᠰᠣᠭᠠᠬᠤ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ | ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠢ ᠡᠷᠡᠰ ᠬᠤᠷᠢᠭᠯᠠᠵᠤ᠂ ᠵᠢᠵᠢᠭ | ᠲᠣᠭᠤᠷᠢᠭ ᠤᠨ ᠵᠠᠮ ᠤᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠣᠯᠭᠠᠨ᠎ᠠ᠃ ᠰᠠᠭᠤᠭᠠᠯᠢ ᠠᠷᠠᠳ ᠤᠨ ᠲᠣᠭᠤᠷᠢᠭ ᠤᠨ | ᠣᠷᠴᠢᠨ ᠲᠣᠭᠤᠷᠢᠨ ᠢ ᠳᠡᠭᠡᠭᠰᠢᠯᠡᠭᠦᠯᠬᠦ ᠲᠠᠯ᠎ᠠ ᠪᠠᠷ᠂ ᠰᠠᠭᠤᠭᠠᠯᠢ ᠠᠷᠠᠳ ᠤᠨ ᠲᠣᠭᠤᠷᠢᠭ ᠤᠨ ᠠᠭᠤᠳᠠᠮ ᠲᠠᠯᠠᠪᠠᠢ ᠳᠤ | ᠤᠷᠲᠤ ᠰᠠᠨᠳᠠᠯᠢ᠂ ᠬᠡᠤᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ ᠵᠡᠷᠭᠡ ᠣᠯᠠᠨ ᠨᠡᠶᠢᠲᠡ ᠶᠢᠨ ᠰᠡᠯᠡᠭᠦᠴᠡᠯ ᠤᠨ | ᠲᠥᠬᠦᠭᠡᠷᠦᠮᠵᠢ ᠨᠡᠮᠡᠵᠦ᠂ ᠰᠠᠭᠤᠭᠠᠯᠢ ᠠᠷᠠᠳ ᠲᠤ ᠨᠠᠩ ᠣᠯᠠᠨ ᠵᠤᠭ᠎ᠠ ᠴᠡᠩᠭᠡᠯ ᠤᠨ ᠰᠠᠶᠢᠬᠠᠨ ᠭᠠᠵᠠᠷ ᠬᠠᠩᠭᠠᠬᠤ ᠪᠠᠷ | ᠲᠥᠯᠥᠪᠯᠡᠵᠦ ᠪᠠᠶᠢᠨ᠎ᠠ᠃ | ᠲᠣᠰ ᠤᠳᠠᠭᠠᠨ ᠤ ᠶᠠᠷᠢᠯᠴᠠᠬᠤ ᠬᠤᠷᠠᠯ ᠨᠢ ᠨᠡᠶᠢᠭᠡᠮ ᠲᠣᠭᠤᠷᠢᠭ᠂ ᠠᠳᠠᠯ ᠠᠬᠤᠶ ᠶᠢᠨ ᠺᠣᠮᠫᠠᠨᠢ ᠬᠢᠭᠡᠳ | ᠰᠠᠭᠤᠭᠠᠯᠢ ᠠᠷᠠᠳ ᠤᠨ ᠬᠤᠭᠤᠷᠣᠨᠳᠣᠬᠢ ᠨᠡᠪᠲᠡᠷᠡᠯᠴᠡᠭᠡ ᠪᠠᠨ ᠴᠢᠩᠭᠠᠳᠬᠠᠵᠤ᠂ ᠲᠠᠷᠠᠭᠠᠴᠢ ᠶᠢᠨ ᠠᠯᠬᠤᠮ ᠤᠨ | ᠠᠵᠢᠯ ᠤᠨ ᠴᠢᠭᠯᠡᠯ ᠢ ᠲᠣᠳᠣᠷᠬᠠᠶᠢᠯᠠᠪᠠ᠃ ᠵᠠᠯᠭᠠᠭᠠᠳ᠂ ᠶᠢᠨ ᠬᠠᠢ ᠨᠡᠶᠢᠭᠡᠮ ᠲᠣᠭᠤᠷᠢᠭ ᠤᠨ ᠬᠢᠨ ᠰᠠᠭᠤᠭᠠᠯᠢ | ᠠᠷᠠᠳ ᠤᠨ ᠲᠥᠪᠯᠡᠷᠡᠭᠦᠯᠦᠨ ᠲᠤᠰᠬᠠᠭᠰᠠᠨ ᠬᠠᠯᠠᠮᠰᠢᠯ ᠠᠰᠠᠭᠤᠳᠠᠯ ᠢ ᠴᠢᠩᠭ᠎ᠠ ᠠᠩᠬᠠᠷᠴᠤ᠂ ᠪᠠᠭ᠎ᠠ ᠶᠠᠪᠤᠳᠠᠯ ᠢ | ᠰᠠᠭᠤᠭᠠᠯᠢ ᠠᠷᠠᠳ ᠤᠨ ᠲᠣᠭᠤᠷᠢᠭ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ | ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠠᠭᠤᠭᠠᠯᠢ ᠠᠷᠠᠳ ᠲᠤ ᠨᠡᠩ ᠰᠢᠯᠢᠳᠡᠭ ᠦᠢᠯᠡᠴᠢᠯᠡᠭᠡ ᠬᠠᠩᠭᠠᠨ᠎ᠠ᠃ | ᠡᠭᠦᠨ ᠤ ᠬᠠᠮᠲᠤ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠤᠨ ᠶᠠᠷᠢᠯᠴᠠᠭ᠎ᠠ ᠪᠣᠯᠤᠨ | ᠰᠢᠢᠳᠪᠦᠷᠢᠲᠦ ᠪᠤᠳᠤᠯᠭ᠎ᠠ ᠳᠤ ᠢᠳᠡᠪᠬᠢᠲᠡᠢ ᠣᠷᠣᠯᠴᠠᠬᠤ ᠶᠢ ᠢᠳᠡᠪᠬᠢᠲᠡᠢ ᠵᠣᠷᠢᠭᠵᠢᠭᠤᠯᠵᠤ᠂ ᠡᠶ᠎ᠡ ᠵᠣᠬᠢᠴᠠᠩᠭᠤᠢ᠂ | ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠢ ᠪᠠᠶᠢᠭᠤᠯᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠨ᠎ᠡ᠃ | | | | |